ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠤᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/8/7

     8 ᠰᠠᠷ᠎ᠠ ᠶᠢᠨ 5 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠠᠪᠠᠭ᠎ᠠ ᠬᠤᠰᠢᠭᠤ ᠪᠠ ᠰᠢᠨ᠎ᠠ ᠪᠠᠷᠭᠤ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠲᠦᠰᠦᠯ ᠢ ᠰᠤᠳᠤᠯᠵᠦ᠂ ᠪᠦᠬᠦ ᠤᠷᠤᠨ ᠤ ᠦᠨᠳᠦᠰᠦᠳᠡᠨ ᠤ ᠠᠵᠢᠯ᠂ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠬᠠᠢ ᠠᠷᠭ᠎ᠠ ᠭᠡᠮᠵᠢᠶ᠎ᠠ ᠨᠦᠭᠦᠳ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠤᠯᠤᠨ ᠵᠧᠵᠢᠶᠠᠩ᠂ ᠭᠤᠸᠠᠩᠳᠦ᠋ᠩ ᠬᠤᠶᠠᠷ ᠮᠤᠵᠢ ᠳᠤ ᠬᠦᠷᠴᠦ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢᠨ ᠲᠤᠬᠠᠢ ᠰᠢᠨᠵᠢᠯᠡᠨ ᠪᠠᠶᠢᠴᠠᠭᠠᠵᠤ ᠰᠤᠷᠤᠯᠴᠠᠭᠰᠠᠠ ᠪᠠᠶᠢᠳᠠᠯ ᠤᠨ ᠮᠡᠳᠡᠬᠦᠯᠦᠯᠳᠠ ᠶᠢ ᠰᠤᠨᠤᠰᠪᠠ᠃
     ᠬᠤᠷᠠᠯ ᠠᠴᠠ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ ᠢ ᠶᠡᠷᠦᠩᠭᠡᠢ ᠱᠦᠵᠢ ᠰᠢ ᠶᠢᠨ ᠫᠢᠩ ᠤᠨ ᠮᠠᠨ ᠤ ᠤᠷᠤᠨ ᠤ ᠬᠦᠭᠵᠢᠯᠳᠠ ᠶᠢᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠡᠬᠦᠷᠭᠡ ᠪᠤᠯᠭᠠᠨ ᠠᠳᠬᠤᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠪᠠᠷ ᠬᠦᠭᠵᠢᠬᠦᠯᠬᠦ ᠴᠢᠨᠠᠷ ᠰᠠᠶᠢᠳᠠᠢ ᠬᠦᠭᠵᠢᠯᠳᠠ ᠶᠢᠨ ᠤᠳᠤᠷᠢᠳᠤᠮᠵᠢ ᠶᠢ ᠲᠤᠪᠤᠶᠢᠯᠭᠠᠨ᠂ ᠮᠠᠯᠴᠢᠳ ᠤᠨ ᠢᠳᠡᠪᠬᠢᠵᠢᠯ᠂ ᠰᠠᠨᠠᠭᠠᠴᠢᠯᠠᠭᠠᠳᠦ ᠴᠢᠨᠠᠷ᠂ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠨ᠂ ᠢᠳᠡᠪᠬᠢᠳᠠᠢ ᠰᠦᠪᠡᠭᠴᠢᠯᠡᠨ ᠦᠢᠯᠡᠳᠦᠯᠭᠡᠵᠢᠬᠦᠯᠵᠦ᠂ ᠨᠡᠩ ᠤᠯᠠᠨ ᠳᠠᠭᠤᠷᠢᠶᠠᠵᠦ ᠪᠤᠯᠬᠤ ᠳᠡᠯᠭᠡᠷᠡᠬᠦᠯᠵᠦ ᠪᠤᠯᠬᠤ ᠲᠤᠷᠰᠢᠯᠭ᠎ᠠ ᠶᠢ ᠴᠢᠷᠮᠠᠶᠢᠨ ᠪᠦᠷᠢᠯᠳᠦᠬᠦᠯᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃
     ᠬᠤᠷᠠᠯ ᠠᠴᠠ᠂ ᠦᠨᠳᠦᠰᠦᠳᠡᠨ ᠤ ᠠᠵᠢᠯ ᠶᠡᠭᠡ ᠲᠠᠯ᠎ᠠ ᠳᠤ ᠬᠤᠯᠪᠤᠭᠳᠠᠳᠠᠭ᠂ ᠦᠨᠳᠦᠰᠦᠳᠡᠨ ᠤ ᠪᠦᠯᠬᠦᠮᠳᠡᠯ ᠪᠤᠯ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠮᠢ ᠨᠠᠰᠤᠨ ᠤ ᠱᠤᠭᠤᠮ ᠮᠦᠨ᠃ ᠤᠳᠤᠬᠠᠨ ᠳᠤ ᠮᠠᠨ ᠤ ᠤᠷᠤᠨ ᠤ ᠦᠨᠳᠦᠰᠦᠳᠡᠨ ᠤ ᠠᠵᠢᠯ ᠮᠠᠰᠢ ᠤᠯᠠᠨ ᠰᠢᠨ᠎ᠠ ᠪᠠᠶᠢᠳᠠᠯ ᠳᠤ ᠲᠤᠯᠭᠠᠷᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠦᠢᠯᠡᠰ ᠤᠨ ᠡᠬᠦᠷᠭᠡ ᠨᠡᠩ ᠬᠦᠨᠳᠦ᠂ ᠱᠠᠭᠠᠷᠳᠠᠯᠭ᠎ᠠ ᠨᠡᠩ ᠦᠨᠳᠦᠷ ᠪᠤᠯᠵᠠᠢ᠃ ᠡᠶᠢᠮᠤ ᠠᠴᠠ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠴᠦᠬᠡᠨ ᠲᠤᠭᠠᠲᠦ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠤᠷᠤᠨ ᠤ ᠲᠦᠷᠭᠡᠨ ᠬᠦᠭᠵᠢᠯᠳᠠ ᠶᠢ ᠳᠡᠮᠵᠢᠬᠦ ᠠᠷᠭ᠎ᠠ ᠭᠡᠯᠪᠡᠷᠢ ᠶᠢᠨ ᠰᠢᠨ᠎ᠠ ᠶᠢ ᠡᠬᠦᠳᠦᠨ᠂ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠪᠤᠯᠤᠨ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠶᠠᠲᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠴᠦᠯᠡᠴᠡ ᠶᠢ ᠨᠡᠮᠡᠭᠳᠡᠬᠦᠯᠵᠤ᠂ ᠶᠠᠲᠠᠭᠤ ᠠᠴᠠ ᠠᠩᠬᠢᠵᠢᠷᠠᠭᠤᠯᠤᠭᠰᠠᠠ ᠦᠷ᠎ᠡ ᠪᠦᠲᠦᠮᠵᠢ ᠶᠢ ᠪᠠᠬᠢᠵᠢᠬᠦᠯᠦᠨ ᠴᠦᠬᠡᠨ ᠲᠤᠭᠠᠲᠦ ᠦᠨᠳᠦᠰᠦᠲᠡᠨ ᠪᠠ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠷᠢᠰᠢᠭᠰᠠᠠ ᠤᠷᠤᠨ ᠤ ᠦᠪᠡᠷ ᠢ ᠪᠠᠨ ᠬᠦᠭᠵᠢᠬᠦᠯᠬᠦ ᠴᠢᠲᠠᠪᠤᠷᠢ ᠶᠢ ᠴᠢᠩᠭᠠᠳᠬᠠᠬᠤ ᠬᠡᠷᠡᠭᠲᠡᠢ᠃ ᠦᠨᠳᠦᠰᠦᠳᠡᠨ ᠤ ᠪᠦᠯᠬᠦᠮᠳᠡᠯ ᠤᠨ ᠠᠵᠢᠯ ᠤᠨ ᠤᠢᠢᠯᠠᠭᠠᠭᠳᠠᠬᠤᠨ᠂ ᠠᠷᠭ᠎ᠠ ᠪᠠᠷᠢᠯ ᠪᠠ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠦᠨ᠂ ᠪᠦᠷᠬᠦᠴᠡ ᠶᠢᠨ ᠬᠡᠮᠵᠢᠶ᠎ᠠ ᠶᠢ ᠨᠢ ᠥᠷᠭᠡᠳᠬᠡᠬᠦ ᠪᠠᠷ ᠪᠠᠷᠠᠬᠤ ᠦᠬᠡᠢ ᠤᠨᠤᠪᠴᠢ ᠶᠢᠨ ᠭᠡᠮᠵᠢᠶ᠎ᠠ ᠶᠢ ᠨᠢ ᠨᠡᠩ ᠳᠡᠭᠡᠭᠰᠢᠯᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃
     ᠬᠤᠷᠠᠯ ᠠᠴᠠ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠬᠦᠭᠵᠢᠯᠳᠠ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠠᠷᠠᠳ ᠤᠨ ᠡᠵᠡᠩᠨᠡᠯᠳᠠ ᠶᠢᠨ ᠠᠵᠤ ᠠᠬᠤᠢᠢᠯᠠᠯ ᠤᠨ ᠠᠰᠠᠭᠤᠳᠠᠯ ᠪᠠ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠠᠵᠤ ᠠᠬᠤᠢᠢᠯᠠᠯ ᠢ ᠰᠠᠨᠠᠭᠠᠴᠢᠯᠠᠭ᠎ᠠ ᠲᠠᠢ ᠪᠠᠷ ᠬᠠᠪᠰᠤᠷᠤᠨ ᠪᠤᠳᠠᠳᠤ ᠬᠦᠴᠢᠷᠳᠡᠯ ᠢ ᠨᠢ ᠰᠢᠢᠳᠪᠤᠷᠢᠯᠡᠵᠦ ᠦᠭᠬᠦ ᠭᠡᠷᠡᠭᠲᠡᠢ᠃ ᠠᠵᠤ ᠠᠬᠤᠢᠢᠯᠠᠯ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠳᠠᠭᠠᠭᠤᠯᠵᠦ᠂ ᠵᠠᠬ᠎ᠠ ᠳᠡᠯᠭᠡᠬᠦᠷ ᠤᠨ ᠭᠡᠷᠡᠭᠴᠡᠭᠡ ᠯᠦᠭᠡ ᠢᠳᠡᠪᠬᠢᠳᠠᠢ ᠪᠠᠷ ᠵᠤᠯᠭᠠᠭᠤᠯᠬᠤ ᠭᠡᠷᠡᠭᠲᠡᠢ᠃ ᠠᠵᠤ ᠦᠢᠯᠡᠰ ᠤᠨ ᠪᠦᠳᠦᠴᠡ ᠪᠠ ᠦᠢᠯᠡᠳᠬᠦᠨ ᠤ ᠪᠦᠳᠦᠴᠡ ᠳᠤ ᠰᠠᠨᠠᠭᠠᠴᠢᠯᠠᠭ᠎ᠠ ᠠᠴᠠ ᠪᠠᠨ ᠲᠤᠬᠢᠷᠠᠭᠤᠯᠤᠯᠲᠠ ᠬᠢᠵᠤ᠂ ᠰᠢᠨ᠎ᠠ ᠶᠢ ᠡᠬᠦᠳᠬᠦ ᠴᠢᠳᠠᠪᠤᠷᠢ ᠪᠠ ᠭᠤᠤᠯᠯᠠᠬᠴᠢ ᠦᠷᠢᠰᠦᠯᠳᠦᠬᠦ ᠬᠦᠴᠦᠨ ᠢ ᠨᠢ ᠦᠨᠡᠨ ᠬᠦ ᠨᠡᠮᠡᠭᠳᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠡᠷᠭᠡᠪᠰᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠦ᠂ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠳᠤ ᠪᠠᠴᠢᠮ ᠰᠢᠢᠳᠪᠤᠷᠢᠯᠡᠬᠦ ᠴᠢᠬᠤᠯᠠᠳᠠᠢ ᠠᠰᠠᠭᠤᠲᠠᠯ ᠵᠢᠴᠢ ᠨᠡᠶᠢᠭᠡᠮ ᠤᠨ ᠡᠯ᠎ᠠ ᠡᠳᠡᠭᠡᠳ ᠤᠨ ᠬᠠᠮᠤᠭ ᠠᠴᠠ ᠬᠠᠯᠠᠮᠵᠢᠯᠠᠵᠦ ᠪᠠᠶᠢᠭ᠎ᠠ ᠬᠦᠷᠢᠶ᠎ᠠ ᠴᠠᠷᠠᠭ᠎ᠠ ᠪᠠ ᠭᠤᠭᠴᠤᠭ᠎ᠠ ᠶᠢ ᠲᠤᠪᠤᠶᠢᠯᠭᠠᠨ᠂ ᠲᠦᠪᠯᠡᠷᠡᠬᠦᠯᠦᠨ ᠪᠡᠷᠭᠡ ᠶᠢ ᠳᠠᠪᠠᠵᠦ ᠬᠦᠴᠢᠷ ᠢ ᠲᠤᠭᠤᠯᠬᠤ ᠭᠡᠷᠡᠭᠲᠡᠢ᠃ ᠦᠨᠳᠦᠷ ᠪᠠᠷᠢᠮᠵᠢᠶ᠎ᠠ ᠶᠢ ᠪᠠᠷᠢᠮᠳᠠᠯᠠᠨ᠂ ᠲᠡᠷᠢᠬᠦᠨ ᠤ ᠭᠠᠵᠠᠷ ᠤᠷᠤᠨ ᠢᠶᠠᠷ ᠪᠠᠷᠢᠮᠵᠢᠶᠠᠯᠠᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠡᠷᠡᠰ ᠭᠤᠶᠢᠪᠢᠰᠢ ᠦᠭᠡᠢ ᠪᠠᠷ ᠨᠡᠩ ᠬᠦᠨᠵᠡᠭᠡᠢ᠂ ᠨᠡᠩ ᠦᠨᠳᠣᠷ ᠲᠦᠪᠰᠢᠨ ᠲᠠᠢ ᠪᠠᠷ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ