2019 ᠣᠨ ᠤ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠤᠴᠢᠷ ᠤᠨ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/8/8

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ ᠳᠤ᠄
     2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠬᠢᠯᠠᠭ᠎ᠠ ᠶᠢᠨ ᠵᠢᠯ ᠪᠣᠯᠣᠨ᠎ᠠ᠃ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠡᠳᠡᠨ ᠤ ᠬᠦᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ ᠠᠮᠦᠷ ᠲᠥᠪᠰᠢᠨ ᠪᠠᠶᠢᠬᠤ ᠰᠡᠳᠬᠢᠭᠳᠡᠯ ᠲᠦᠷᠦᠭᠳᠡᠯ ᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠦᠭᠡᠳ ᠶᠠᠳᠠᠭᠤ ᠠᠴᠠ ᠠᠩᠬᠢᠵᠢᠷᠠᠭᠤᠯᠬᠤ ᠰᠢᠪᠲᠣᠯᠣᠯᠲᠠ ᠶᠢᠨ ᠳᠠᠶᠢᠯᠠᠯᠳᠤᠭᠠᠨ ᠤ ᠢᠯᠠᠯᠲᠡ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ 2019 ᠣᠨ ᠤ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄
     ᠨᠢᠭᠡ᠂ ᠬᠢᠨᠠᠨ ᠬᠠᠷᠭᠤᠭᠤᠯᠤᠭᠠᠳ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ
     ᠡᠯ᠎ᠡ ᠭᠠᠵᠠᠷ ᠣᠷᠣᠨ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠤᠭᠠᠳ ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠠᠭ ᠲᠣᠬᠠᠢ ᠳᠤ ᠨᠢ ᠨᠡᠶᠢᠭᠡᠮ ᠳᠤ ᠢᠯᠡ ᠵᠠᠷᠯᠠᠬᠤ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠤᠰ ᠵᠢᠯ ᠤᠨ ᠲᠤᠳᠤᠷ᠎ᠠ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ ᠳᠠᠬᠢᠨᠲᠠ ᠲᠣᠬᠢᠷᠠᠭᠤᠯᠤᠯᠲᠠ ᠬᠢᠬᠦ ᠳᠤ ᠬᠦᠷᠪᠡᠯ᠂ ᠡᠷᠬᠡᠪᠰᠢ ᠬᠠᠮᠢᠶ᠎ᠠ ᠪᠦᠬᠦᠢ ᠳᠡᠰ ᠳᠠᠷᠠᠭᠠᠯᠠᠯ ᠶᠤᠰᠤᠭᠠᠷ ᠳᠡᠭᠡᠭᠰᠢ ᠮᠡᠳᠡᠭᠦᠯᠵᠦ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ 2019 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠡ ᠮᠦᠩᠭᠦ ᠶᠢ ᠰᠢᠨ᠎ᠡ ᠪᠠᠷᠢᠮᠵᠢᠶ᠎ᠠ ᠶᠣᠰᠤᠭᠠᠷ ᠨᠦᠬᠦᠪᠦᠷᠢᠯᠡᠨ ᠣᠯᠭᠤᠵᠤ ᠳᠠᠭᠤᠰᠬᠠᠬᠤ ᠬᠡᠷᠡᠭᠲᠡᠢ᠂ ᠠᠪᠤᠷᠠᠨ ᠲᠤᠰᠠᠯᠠᠵᠤ ᠪᠠᠲᠤᠯᠠᠬᠤ ᠬᠡᠪᠴᠢᠶ᠎ᠡ ᠠᠴᠠ ᠭᠠᠷᠤᠭᠰᠠᠨ ᠳᠤ ᠨᠢ ᠳᠠᠬᠢᠵᠤ ᠨᠦᠬᠦᠪᠦᠷᠢ ᠣᠯᠭᠤᠬᠤ ᠦᠭᠡᠢ᠃ ᠡᠯ᠎ᠡ ᠭᠠᠵᠠᠷ ᠣᠷᠣᠨ ᠨᠢ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠪᠣᠯᠣᠨ ᠪᠡᠯᠡ ᠮᠦᠩᠭᠦ ᠣᠯᠭᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠬᠠᠮᠢᠶ᠎ᠠ ᠪᠦᠬᠦᠢ ᠪᠠᠶᠢᠳᠠᠯ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠳᠤ ᠴᠠᠭ ᠲᠣᠬᠠᠢ ᠳᠤ ᠨᠢ ᠮᠡᠳᠡᠭᠦᠯᠬᠦ ᠬᠡᠷᠡᠭᠲᠡᠢ᠃
     ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠰᠠᠭᠤᠷᠢ ᠠᠴᠠ ᠨᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ
     ᠲᠥᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠣᠯᠣᠯᠲᠠ ᠶᠢᠨ ᠲᠤᠰᠬᠠᠢ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ︽ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠯᠤᠭ᠎ᠠ ᠪᠦᠲᠦᠮᠵᠢᠲᠡᠢ ᠵᠤᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠠᠯ᠎ᠠ ᠪᠠᠷ ᠬᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠶᠠᠳᠠᠭᠤ ᠶᠢ ᠲᠡᠳᠭᠦᠬᠦ ᠨᠡᠭᠡᠭᠡᠯᠲᠡ ᠶᠢᠨ ᠠᠯᠪᠠᠨ ᠭᠡᠷ ᠤᠨ ᠨᠦᠬᠦᠪᠦᠷᠢ ᠰᠠᠨᠠᠯ ᠢ ᠤᠯᠠᠮᠵᠢᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶ ᠪᠠ ︽︿ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠣᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠳᠤ ᠨᠡᠶᠢᠭᠡᠮ ᠤᠨ ᠠᠪᠤᠷᠠᠨ ᠲᠤᠰᠠᠯᠠᠬᠤ ᠶᠢᠨ ᠰᠠᠭᠤᠷᠢ ᠠᠴᠠ ᠨᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠬᠡᠷᠡᠭᠵᠢᠭᠦᠯᠬᠦ ᠲᠦᠰᠦᠯ﹀ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠡᠳ᠋ ᠤᠨ ᠵᠠᠰᠠᠭ ᠤᠨ ᠲᠢᠩᠭᠢᠮ ᠶᠠᠳᠠᠭᠤ ᠶᠢ ᠲᠡᠳᠭᠦᠬᠦ ᠨᠡᠭᠡᠭᠡᠯᠲᠡ ᠶᠢᠨ ᠠᠯᠪᠠᠨ ᠭᠡᠷ ᠤᠨ ᠮᠡᠳᠡᠭᠳᠡᠯ︾ ︵ᠦᠪᠦᠷ ᠠᠷᠠᠳ ᠶᠠᠪᠤᠳᠠᠯ ᠲᠠᠷᠬᠠᠭᠠᠭᠰᠠᠨ ﹇2018﹈ 90 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠬᠦᠨᠳᠦ ᠵᠡᠮᠳᠡᠭᠴᠦᠳ ᠤᠨ ᠬᠡᠪᠴᠢᠶ᠎ᠡ ᠶᠢ ᠥᠷᠭᠡᠳᠭᠡᠭᠡᠳ ᠵᠡᠮᠳᠡᠭᠴᠦᠳ ᠤᠨ ᠦᠨᠡᠮᠯᠡᠯ ᠲᠠᠢ ᠤᠶᠤᠨ ᠪᠢᠯᠢᠭ ᠨᠢ ᠭᠤᠷᠪᠠᠳᠤᠭᠠᠷ ᠳᠡᠰ ᠤᠨ ᠡᠷᠡᠮᠳᠡᠭ ᠬᠦᠮᠦᠨ ᠪᠣᠯᠣᠨ ᠮᠡᠳᠡᠷᠡᠯ ᠨᠢ ᠭᠤᠷᠪᠠᠳᠤᠭᠠᠷ ᠳᠡᠰ ᠤᠨ ᠵᠡᠮᠳᠡᠭ ᠬᠦᠮᠦᠨ ᠢ ᠪᠠᠭᠲᠠᠭᠠᠬᠤ ᠪᠣᠯᠭᠠᠨ᠎ᠠ᠃ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠦᠬᠦᠪᠦᠷᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠦᠬᠦᠪᠦᠷᠢᠯᠡᠬᠦ ᠬᠢᠷᠢ ᠬᠡᠮᠵᠢᠶ᠎ᠡ ᠬᠢᠭᠡᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠨᠡᠮᠡᠭᠳᠡᠯ ᠤᠨ ᠬᠠᠷᠢᠯᠴᠠᠨ ᠲᠣᠬᠢᠷᠠᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠳᠠᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠠᠬᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠬᠦᠮᠦᠨ ᠳᠤᠮᠳᠠᠴᠢ ᠣᠷᠣᠯᠭ᠎ᠠ ᠨᠢ ᠲᠤᠰ ᠭᠠᠵᠠᠷ ᠣᠷᠣᠨ ᠳᠠᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠠᠶᠢᠪᠠᠯ᠂ 12 ᠠᠴᠠ 24 ᠰᠠᠷ᠎ᠠ ᠶᠢᠨ ︽ᠠᠭᠠᠵᠢᠮ ᠢᠶᠠᠷ ᠪᠤᠴᠠᠭᠠᠵᠤ ᠭᠠᠷᠭᠠᠬᠤ ᠬᠤᠭᠤᠴᠠᠭ᠎ᠠ︾ ᠲᠠᠢ ᠪᠠᠶᠢᠯᠭᠠᠵᠤ᠂ ᠶᠠᠳᠠᠭᠤ ᠠᠴᠠ ᠲᠣᠭᠲᠠᠭᠤᠨ ᠢᠶᠠᠷ ᠠᠩᠬᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠷ ᠠᠪᠤᠷᠠᠨ ᠲᠤᠰᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠦᠬᠦᠴᠡᠯ ᠳᠤ ᠨᠡᠶᠢᠴᠡᠬᠦ ᠪᠤᠴᠠᠭᠠᠳ ᠶᠠᠳᠠᠭᠤᠷᠠᠭᠰᠠᠨ ᠬᠦᠮᠦᠰ ᠢ ᠠᠪᠤᠷᠠᠨ ᠲᠤᠰᠠᠯᠠᠬᠤ ᠬᠡᠪᠴᠢᠶᠡᠨ ᠳᠤ ᠴᠠᠭ ᠲᠣᠬᠠᠢ ᠳᠤ ᠨᠢ ᠣᠷᠤᠭᠤᠯᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠰᠠᠭᠤᠷᠢ ᠠᠴᠠ ᠨᠢ ᠪᠠᠲᠤᠯᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ ᠪᠦᠲᠦᠮᠵᠢᠲᠡᠢ ᠰᠢᠢᠳᠪᠦᠷᠢᠯᠡᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠡ ᠶᠢ ᠣᠯᠬᠤ ᠳᠤ ᠨᠡᠶᠢᠭᠡᠮ ᠤᠨ ᠠᠪᠤᠷᠠᠨ ᠲᠤᠰᠠᠯᠠᠬᠤ ᠶᠢᠨ ᠰᠠᠭᠤᠷᠢ ᠠᠴᠠ ᠨᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃
     ᠭᠤᠷᠪᠠ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ
     ︵ᠨᠢᠭᠡ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠬᠤ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠦ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠭᠰᠠᠨ ᠠᠵᠢᠯᠯᠠᠭᠠᠨ ᠤ ᠵᠢᠯᠤᠭᠤᠳᠤᠮᠵᠢ︾ ᠪᠠ ︽ᠦᠪᠦᠷ ᠮᠣᠩᠭᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠤ ᠵᠢᠷᠤᠮᠯᠡᠯ︾ ᠢ ᠴᠢᠩᠭ᠎ᠠ ᠬᠡᠷᠡᠭᠵᠢᠭᠦᠯᠵᠦ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠦᠯᠢᠶᠡᠨ ᠠᠪᠴᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠵᠡᠷᠭᠡ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠢ ᠨᠠᠷᠢᠯᠢᠬ ᠣᠨᠣᠪᠴᠢᠲᠠᠢ ᠮᠠᠭᠠᠳᠯᠠᠨ ᠲᠣᠭᠲᠠᠭᠠᠬᠤ ᠠᠵᠢᠯ ᠢ ᠭᠦᠨᠵᠡᠭᠡᠢ ᠠᠬᠢᠭᠤᠯᠵᠤ᠂ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠢᠴᠡᠳᠭᠡᠯ ᠲᠤᠭ᠎ᠠ ᠶᠢ ᠲᠣᠬᠢᠷᠠᠭᠤᠯᠬᠤ ᠳᠤ ᠪᠠᠨ ᠮᠠᠯᠵᠢᠬᠤ ᠣᠷᠣᠨ᠂ ᠬᠢᠯᠢ ᠬᠢᠵᠠᠭᠠᠷ ᠤᠨ ᠭᠠᠵᠠᠷ ᠣᠷᠣᠨ ᠤ ᠬᠦᠴᠢᠷᠳᠡᠯᠲᠡᠢ ᠣᠯᠠᠨ ᠲᠦᠮᠡᠨ ᠪᠣᠯᠣᠨ ︽ᠳᠥᠷᠪᠡᠨ ᠴᠦᠬᠡᠨ ᠲᠣᠭᠠᠲᠤ︾ ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠤᠨ ᠦᠪᠡᠷ ᠤᠨ ᠥᠷᠲᠡᠭ ᠨᠢ ᠨᠡᠮᠡᠭᠳᠡᠬᠦ ᠬᠦᠴᠦᠨ ᠵᠦᠢᠯ ᠤᠳ ᠢ ᠭᠦᠢᠴᠡᠳ ᠪᠤᠳᠤᠯᠬᠢᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠪᠣᠲᠠᠲᠠᠢ ᠲᠠᠢ ᠪᠠᠨ ᠤᠶᠠᠯᠳᠤᠭᠤᠯᠵᠤ ᠬᠠᠷᠢᠶ᠎ᠠ ᠭᠠᠵᠠᠷ ᠣᠷᠣᠨ ᠤ ᠶᠡᠷᠦᠩᠬᠡᠶᠢᠯᠡᠨ ᠮᠠᠭᠠᠳᠯᠠᠵᠤ ᠲᠣᠭᠲᠠᠭᠠᠬᠤ ᠭᠦᠢᠴᠡᠳᠭᠡᠯ ᠲᠤᠭ᠎ᠠ ᠶᠢ ᠠᠯᠬᠤᠮ ᠠᠯᠬᠤᠮ ᠢᠶᠠᠷ ᠨᠢᠭᠡᠲᠦᠯᠲᠡᠢ ᠲᠦᠯᠦᠪᠯᠡᠵᠦ᠂ ᠣᠷᠣᠨ ᠪᠦᠰᠡ ᠳᠠᠬᠢ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠢ ᠶᠡᠷᠦᠩᠬᠡᠶᠢᠯᠡᠨ ᠮᠠᠭᠠᠳᠯᠠᠵᠤ ᠲᠣᠭᠲᠠᠭᠠᠬᠤ ᠬᠠᠷᠢᠴᠠᠩᠭᠤᠢ ᠨᠢᠭᠡᠲᠦᠯᠲᠡᠢ ᠭᠦᠢᠴᠡᠳᠭᠡᠯ ᠲᠣᠭᠠᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠶᠢ ᠬᠦᠷᠲᠡᠬᠦ ᠲᠠᠯ᠎ᠠ ᠪᠠᠷ ᠬᠢ ᠬᠦᠴᠢᠷᠳᠡᠯᠲᠡᠢ ᠣᠯᠠᠨ ᠲᠦᠮᠡᠨ ᠤ ᠡᠷᠬᠡ ᠨᠢ ᠭᠤᠣᠯᠴᠢ᠂ ᠳᠣᠬᠢᠶᠠᠯ ᠨᠢ ᠭᠤᠣᠯᠴᠢ᠂ ᠳᠦᠷᠢᠮ ᠨᠢ ᠭᠤᠣᠯᠴᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃
     ︵ᠬᠤᠶᠠᠷ︶ ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠨᠢ ︽ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠲᠠᠷᠬᠠᠭᠠᠭᠰᠠᠨ ﹇2016﹈ 106 ᠳ᠋ᠤᠭᠠᠷ ᠲᠣᠭᠠᠲᠤ︶ ᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠯᠤᠩᠬᠢᠳᠠ ᠠᠰᠠᠷᠠᠨ ᠲᠡᠵᠢᠭᠡᠯᠭᠡᠵᠦ ᠪᠠᠶᠢᠭ᠎ᠠ ᠣᠨᠴᠠ ᠬᠦᠴᠢᠷᠳᠡᠯᠲᠡᠢ ᠬᠦᠮᠦᠰ ᠢ ᠬᠠᠷᠠᠭᠠᠯᠵᠠᠵᠤ ᠰᠤᠪᠢᠯᠠᠬᠤ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ︽ᠲᠦᠷ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠡᠳ᠋ ᠤᠨ ᠵᠠᠰᠠᠭ ᠤᠨ ᠲᠢᠩᠭᠢᠮ ᠤᠨ ᠬᠡᠷᠡᠭᠵᠢᠭᠦᠯᠬᠦ ᠰᠠᠨᠠᠯ︾ ︵ᠦᠪᠦᠷ ᠠᠷᠠᠳ ᠶᠠᠪᠤᠳᠠᠯ ᠲᠠᠷᠬᠠᠭᠠᠭᠰᠠᠨ ﹇2018﹈ 69 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠬᠦᠨᠳᠦ ᠬᠡᠴᠡᠭᠦᠦ ᠪᠣᠯᠣᠨ ᠵᠠᠷᠤᠯᠭ᠎ᠠ ᠶᠡᠭᠡ ᠲᠠᠢ ᠪᠠᠶᠢᠭ᠎ᠠ ᠠᠪᠤᠷᠠᠨ ᠲᠤᠰᠠᠯᠠᠭᠤᠯᠬᠤ ᠬᠦᠮᠦᠰ ᠤᠨ ᠲᠦᠷᠦᠯ ᠢᠯᠭᠠᠯ ᠵᠢᠴᠢ ᠠᠪᠤᠷᠠᠨ ᠲᠤᠰᠠᠯᠠᠬᠤ ᠪᠠᠷᠢᠮᠵᠢᠶ᠎ᠠ ᠶᠢ ᠨᠠᠷᠢᠯᠢᠬᠵᠢᠭᠤᠯᠤᠨ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠵᠦ᠂ ︽ᠱᠠᠲᠤ ᠬᠤᠪᠢᠶᠠᠨ ᠬᠢᠨᠠᠨ ᠵᠥᠪᠰᠢᠶᠡᠷᠡᠬᠦ︾ ︽ᠤᠷᠢᠳ ᠢᠶᠠᠷ ᠠᠪᠤᠷᠠᠨ ᠲᠤᠰᠠᠯᠠᠬᠤ︾ ᠵᠡᠷᠭᠡ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠦᠷ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠦᠷ ᠠᠪᠤᠷᠠᠨ ᠲᠤᠰᠠᠯᠠᠭᠤᠯᠬᠤ ᠬᠦᠮᠦᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠲᠦᠷ ᠠᠪᠤᠷᠠᠨ ᠲᠤᠰᠠᠯᠠᠬᠤ ᠠᠵᠢᠯ ᠤᠨ ᠮᠣᠳᠧᠯ ᠬᠡᠰᠡᠭ ᠲᠤ ᠴᠠᠭ ᠲᠣᠬᠠᠢ ᠳᠤ ᠨᠢ ᠣᠷᠤᠭᠤᠯᠬᠤ ᠶᠢᠨ ᠬᠠᠮᠲᠤ᠂ ᠳ᠋ᠡᠶᠢᠲ᠋ᠠ ᠨᠢ ᠡᠳ᠋ ᠤᠨ ᠶᠠᠪᠤᠳᠠᠯ ᠤᠨ ᠪᠦᠷᠢᠳᠭᠡᠭᠰᠡᠨ ᠡᠬᠡ ᠳᠠᠩᠰᠠᠨ ᠤ ᠳ᠋ᠡᠶᠢᠲ᠋ᠠ ᠯᠤᠭ᠎ᠠ ᠨᠢᠭᠡᠲᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃
     ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠲᠤᠰ ᠱᠠᠲᠤᠨ ᠤ ᠬᠠᠷᠭᠤᠭᠤᠯᠬᠤ ᠲᠠᠪᠴᠠᠩ ᠢ ᠴᠤᠭᠴᠠᠯᠠᠨ ᠪᠠᠶᠢᠭᠤᠯᠬᠤ᠂ ᠰᠠᠯᠠᠭ᠎ᠠ ᠮᠦᠴᠢᠷ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠳ᠋ᠡᠶᠢᠲ᠋ᠠ ᠶᠢᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠬᠦ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠶᠢ ᠰᠢᠨ᠎ᠡ ᠪᠠᠷ ᠭᠤᠶᠤᠴᠢᠯᠠᠭᠰᠠᠨ ᠬᠦᠮᠦᠰ ᠢ ᠬᠢᠨᠠᠨ ᠬᠠᠷᠭᠤᠭᠤᠯᠬᠤ ᠬᠢᠨᠠᠨ ᠵᠥᠪᠰᠢᠶᠡᠷᠡᠬᠦ ᠭᠤᠭᠴᠤᠭᠠᠨ ᠳᠤ ᠲᠣᠭᠲᠠᠭᠠᠯ ᠶᠤᠰᠤᠭᠠᠷ ᠬᠠᠷᠭᠤᠭᠤᠯᠵᠤ᠂ ᠪᠠᠷᠢᠮᠵᠢᠶ᠎ᠠ ᠶᠢ ᠴᠢᠩᠭ᠎ᠠ ᠪᠠᠷᠢᠮᠲᠠᠯᠠᠵᠤ᠂ ᠠᠪᠤᠷᠠᠨ ᠲᠤᠰᠠᠯᠠᠬᠤ ᠬᠡᠪᠴᠢᠶᠡᠨ ᠳᠤ ᠣᠷᠤᠬᠤ ᠪᠦᠬᠦᠨ ᠢ ᠡᠷᠬᠡᠪᠰᠢ ᠬᠠᠷᠭᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠨᠡᠶᠢᠭᠡᠮ ᠤᠨ ᠠᠪᠤᠷᠠᠨ ᠲᠤᠰᠠᠯᠠᠬᠤ ᠶᠢ ᠬᠦᠷᠲᠡᠵᠦ ᠪᠠᠶᠢᠭ᠎ᠠ ᠬᠦᠮᠦᠨ ᠢ ᠤᠯᠠᠷᠢᠯ ᠪᠦᠷᠢ ᠳᠤ ᠠᠳᠠᠭ ᠲᠤ ᠪᠠᠨ ᠨᠢᠭᠡ ᠤᠳᠠᠭ᠎ᠠ ᠬᠠᠷᠭᠤᠭᠤᠯᠬᠤ ᠶᠢᠨ ᠬᠠᠮᠲᠤ᠂ ᠨᠦᠬᠦᠴᠡᠯ ᠳᠤ ᠨᠡᠶᠢᠴᠡᠬᠦ ᠦᠭᠡᠢ ᠬᠦᠮᠦᠰ ᠢ ᠴᠠᠭ ᠲᠣᠬᠠᠢ ᠳᠤ ᠨᠢ ᠢᠯᠭᠠᠷᠠᠭᠤᠯᠤᠨ ᠭᠠᠷᠭᠠᠬᠤ ᠬᠡᠷᠡᠭᠲᠡᠢ᠃ ᠡᠷᠦᠬᠡ ᠳᠤ ᠣᠷᠤᠵᠤ ᠪᠠᠶᠢᠴᠠᠭᠠᠬᠤ᠂ ᠵᠡᠷᠭᠡᠯᠡᠳᠡᠭᠡ ᠠᠶᠢᠯ ᠢ ᠨᠢ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ᠂ ᠮᠡᠳᠡᠭᠡ ᠵᠠᠩᠭᠢ ᠶᠢ ᠨᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠦᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠤᠣᠯᠳᠠᠯᠭ᠎ᠠ ᠲᠠᠢ ᠬᠢᠨᠠᠨ ᠰᠢᠨᠵᠢᠬᠦ ᠳ᠋ᠡᠶᠢᠲ᠋ᠠ ᠶᠢ ᠲᠦᠷᠦᠯ ᠬᠤᠪᠢᠶᠠᠨ ᠰᠢᠢᠳᠪᠦᠷᠢᠯᠡᠬᠦ ᠬᠡᠷᠡᠭᠲᠡᠢ᠂ ᠳᠦᠭᠦᠮ ᠳᠦᠳᠡ ᠪᠠᠷ ᠪᠠᠲᠤᠯᠠᠭ᠎ᠠ ᠶᠢ ᠨᠢ ᠵᠤᠭᠰᠤᠭᠠᠬᠤ ᠪᠠᠷ ᠰᠢᠢᠳᠪᠦᠷᠢᠯᠡᠵᠦ ᠪᠣᠯᠬᠤ ᠦᠭᠡᠢ᠃
     ᠳᠥᠷᠪᠡ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠢ
     ᠡᠯ᠎ᠡ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠲᠣᠬᠠᠢ ᠦᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠭᠡᠬᠡᠨ ᠲᠣᠭᠲᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠦᠷᠨᠢᠭᠦᠯᠦᠭᠡᠳᠦᠢ ᠪᠠᠶᠢᠪᠠᠯ ᠠᠵᠢᠯ ᠢᠶᠠᠨ ᠨᠠᠶᠢᠳᠠᠪᠤᠷᠢᠵᠢᠭᠤᠯᠬᠤ ᠶᠢ ᠨᠢ ᠱᠠᠯᠠᠪᠳᠠᠨ ᠠᠬᠢᠭᠤᠯᠬᠤ ᠬᠡᠷᠡᠭᠲᠡᠢ︔ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠠᠵᠢᠯ ᠢ ᠨᠢᠭᠡᠨᠲᠡ ᠦᠷᠨᠢᠭᠦᠯᠦᠭᠰᠡᠨ ᠪᠠᠶᠢᠪᠠᠯ ᠠᠮᠵᠢᠯᠲᠡ ᠪᠦᠲᠦᠮᠵᠢ ᠶᠢ ᠨᠢ ᠭᠤᠷᠪᠠᠳᠡᠬᠢ ᠡᠲᠡᠭᠡᠳ ᠢᠶᠠᠷ ᠦᠨᠡᠯᠡᠨ ᠵᠢᠱᠢᠭᠦᠯᠬᠦ ᠶᠢ ᠢᠳᠡᠪᠬᠢᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠦᠨᠳᠦᠷ ᠪᠦᠲᠦᠮᠵᠢᠲᠡᠢ ᠦᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃
     ᠳᠠᠭᠠᠯᠳᠤᠭᠤᠯᠤᠯ᠄
     1. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2019 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠬᠦᠰᠦᠨᠦᠭᠲᠦ
     2. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2019 ᠣᠨ ᠤ ᠣᠨᠴᠠ ᠬᠦᠴᠢᠷᠳᠡᠯᠲᠡᠢ ᠬᠦᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶᠠᠨ ᠤ ᠬᠦᠰᠦᠨᠦᠭᠲᠦ
     3. ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2019 ᠣᠨ ᠤ ᠣᠨᠴᠠ ᠬᠦᠴᠢᠷᠳᠡᠯᠲᠡᠢ ᠬᠦᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶᠠᠨ ᠤ ᠬᠦᠰᠦᠨᠦᠭᠲᠦ

ᠬᠦᠰᠦᠨᠦᠭᠲᠦ1

ᠬᠦᠰᠦᠨᠦᠭᠲᠦ2

ᠬᠦᠰᠦᠨᠦᠭᠲᠦ3

ᠬᠦᠰᠦᠨᠦᠭᠲᠦ4

ᠬᠦᠰᠦᠨᠦᠭᠲᠦ5

ᠬᠦᠰᠦᠨᠦᠭᠲᠦ6

ᠬᠦᠰᠦᠨᠦᠭᠲᠦ7

ᠬᠦᠰᠦᠨᠦᠭᠲᠦ8

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ