ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠳᠥᠷᠪᠡᠨ ᠲᠢᠩᠬᠢᠮ ᠲᠣᠪᠴᠢᠶ᠎ᠠ | ᠪᠠᠷ ᠪᠦᠷᠢᠯᠳᠦᠭᠰᠡᠨ ︽ᠨᠣᠭᠤᠭᠠᠨ ᠪᠠᠮᠪᠠᠢ 2019︾ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠯᠠᠱᠠ ᠠᠭᠤᠯᠠ | ᠶᠢᠨ ᠬᠠᠮᠠᠭᠠᠯᠠᠯᠲᠠ ᠶᠢᠨ ᠣᠷᠣᠨ ᠤ ︽ᠨᠣᠭᠤᠭᠠᠨ ᠪᠠᠮᠪᠠᠢ 2019︾ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠳᠤ ᠪᠠᠶᠢᠴᠠᠭᠠᠯᠲᠠ ᠬᠢᠪᠡ᠃ | ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ 2016 ᠣᠨ | ᠠᠴᠠ ᠨᠠᠭᠠᠰᠢᠬᠢ ᠬᠠᠤᠯᠢ ᠬᠡᠷᠡᠭᠵᠢᠭᠦᠯᠦᠯᠲᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠪᠣᠯᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠵᠢᠴᠢ ᠨᠤᠲᠤᠭ ᠪᠡᠯᠴᠢᠭᠡᠷ ᠤᠨ ᠠᠮᠢ | ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠬᠠᠶ ᠲᠤᠰᠬᠠᠶ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ | ᠲᠤᠰᠬᠠᠭᠰᠠᠨ ᠰᠠᠨᠠᠯ ᠢ ᠰᠣᠨᠣᠰᠴᠤ᠂ 2017 ᠣᠨ᠂ 2018 ᠣᠨ ᠤ ᠨᠣᠭᠤᠭᠠᠨ ᠪᠠᠮᠪᠠᠢ ᠠᠵᠢᠯᠯᠠᠭ᠎ᠠ ᠳᠤᠮᠳᠠ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ 2019 ᠣᠨ ᠤ ᠨᠣᠭᠤᠭᠠᠨ | ᠪᠠᠮᠪᠠᠢ ᠶᠢᠨ ᠠᠵᠢᠯᠯᠠᠭ᠎ᠠ ᠶᠢᠨ ᠠᠰᠠᠭᠤᠳᠠᠯ ᠢ ᠰᠢᠭᠰᠢᠨ ᠪᠠᠶᠢᠴᠠᠭᠠᠭᠰᠠᠨ᠂ ᠰᠢᠶᠳᠪᠦᠷᠢᠯᠡᠭᠰᠡᠨ᠂ ᠴᠡᠭᠴᠡᠯᠡᠨ | ᠰᠠᠶᠢᠵᠢᠷᠠᠭᠤᠯᠤᠭᠰᠠᠨ ᠵᠡᠷᠭᠡ ᠠᠵᠢᠯ ᠵᠢᠴᠢ ᠣᠶᠢᠷ᠎ᠠ ᠶᠢᠨ ᠭᠤᠷᠪᠠᠨ ᠵᠢᠯ ᠤᠨ ᠨᠣᠭᠤᠭᠠᠨ ᠪᠠᠮᠪᠠᠢ ᠶᠢᠨ ᠡᠬᠡ ᠳᠠᠩᠰᠠ | ᠶᠢ ᠪᠠᠶᠢᠭᠤᠯᠤᠨ ᠪᠦᠷᠢᠨᠰᠢᠭᠦᠯᠦᠭᠰᠡᠨ ᠪᠠᠶᠢᠳᠠᠯ᠂ ᠣᠯᠠᠨ ᠲᠦᠮᠡᠨ ᠤ ᠲᠤᠰᠬᠠᠯ ᠴᠢᠩᠭ᠎ᠠ᠂ ᠵᠠᠭᠤᠴᠢᠯᠠᠭᠤᠷ ᠤᠨ | ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠪᠠ ᠡᠳᠦᠷ ᠲᠤᠲᠤᠮ ᠤᠨ ᠰᠢᠭᠰᠢᠨ ᠪᠠᠶᠢᠴᠠᠭᠠᠯᠲᠠ ᠶᠢᠨ ᠳᠤᠮᠳᠠ | ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠤᠯᠤᠰ ᠤᠨ ᠴᠡᠴᠡᠷᠯᠢᠭ ᠢᠶᠠᠷ | ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠬᠤ ᠲᠤᠬᠠᠶ | ᠵᠢᠯᠣᠭᠤᠳᠬᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠠᠵᠢᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ | ᠶᠢᠨ ᠬᠠᠮᠠᠭᠠᠯᠠᠯᠲᠠ ᠶᠢᠨ ᠣᠷᠣᠨ ᠤ ᠹᠧᠩ ᠶᠤᠸᠠᠨ ᠭᠤᠷᠪᠠᠳᠤᠭᠠᠷ ᠠᠭᠤᠷᠬᠠᠶ᠂ ᠲᠠᠪᠤᠳᠤᠭᠠᠷ ᠠᠭᠤᠷᠬᠠᠶ᠂ ᠬᠤᠩ ᠯᠢ | ᠳ᠋ᠠ ᠯᠢᠩ ᠨᠡᠭᠦᠷᠡᠰᠦᠨ ᠠᠭᠤᠷᠬᠠᠶ ᠵᠡᠷᠭᠡ ᠳᠤ ᠭᠦᠨᠵᠡᠭᠡᠶᠢᠷᠡᠨ 2016 ᠣᠨ ᠤ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠳᠤᠮᠳᠠᠬᠢ ᠪᠠᠶᠢᠭᠠᠯᠢ | ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠭᠰᠠᠨ ᠠᠰᠠᠭᠤᠳᠠᠯ ᠵᠢᠴᠢ 2017 ᠣᠨ᠂ 2018 ᠣᠨ ᠤ | ᠨᠣᠭᠤᠭᠠᠨ ᠪᠠᠮᠪᠠᠢ ᠠᠵᠢᠯᠯᠠᠭ᠎ᠠ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ | ᠢ ᠪᠣᠳᠠᠲᠠᠶ ᠭᠠᠵᠠᠷ ᠲᠤ ᠨᠢ ᠬᠠᠷᠭᠤᠭᠤᠯᠤᠨ ᠪᠠᠶᠢᠴᠠᠭᠠᠭᠰᠠᠨ ᠪᠥᠭᠡᠳ ᠳᠣᠲᠣᠭᠠᠳᠤ ᠠᠵᠢᠯ ᠤᠨ ᠮᠠᠲ᠋ᠧᠷᠢᠶᠠᠯ ᠢ ᠨᠠᠷᠢᠨ | ᠨᠢᠮᠪᠠᠶ ᠪᠠᠢᠴᠠᠭᠠᠨ ᠦᠵᠡᠪᠡ᠃ | ᠬᠠᠷᠢᠭᠤ ᠲᠤᠰᠬᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠠᠭᠤᠯᠠ ᠶᠢᠨ | ᠬᠠᠮᠠᠭᠠᠯᠠᠯᠲᠠ ᠶᠢᠨ ᠣᠷᠣᠨ ᠤ ᠠᠵᠢᠯ ᠢ ᠭᠦᠶᠴᠡᠳ ᠨᠤᠲᠠᠯᠠᠭᠰᠠᠨ ᠤ ᠬᠠᠮᠲᠤ᠂ ︽ᠨᠣᠭᠤᠭᠠᠨ ᠪᠠᠮᠪᠠᠢ 2017᠂ | 2018︾ ᠶᠢᠨ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠡᠭᠴᠡᠯᠡᠨ | ᠰᠠᠶᠢᠵᠢᠷᠠᠭᠤᠯᠤᠯᠲᠠ ᠳᠤ ᠬᠤᠯᠪᠣᠭᠳᠠᠭᠰᠠᠨ ᠠᠰᠠᠭᠤᠳᠠᠯ ᠳᠤ ᠳ᠋ᠤᠭᠠᠷ ᠢᠶᠠᠨ ᠬᠠᠰᠤᠭᠤᠯᠬᠤ ᠭᠤᠶᠤᠴᠢᠯᠠᠯ ᠭᠠᠷᠭᠠᠭᠠᠷᠠᠢ | ᠭᠡᠵᠦ ᠰᠠᠨᠠᠭᠤᠯᠭ᠎ᠠ ᠳᠤᠷᠠᠳᠪᠠ᠃ ᠲᠣᠰ ᠤᠳᠠᠭᠠᠨ ᠤ ᠪᠠᠶᠢᠴᠠᠭᠠᠯᠲᠠ ᠨᠢ ᠠᠯᠠᠱᠠ ᠠᠭᠤᠯᠠ ᠶᠢᠨ ᠬᠠᠮᠠᠭᠠᠯᠠᠯᠲᠠ ᠶᠢᠨ | ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠭᠡᠮ | ᠰᠣᠭᠤᠭ ᠢ ᠰᠡᠷᠭᠡᠶᠢᠯᠡᠨ ᠠᠷᠢᠯᠭᠠᠬᠤ ᠪᠠ ᠠᠯᠠᠱᠠ ᠠᠭᠤᠯᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠶᠢ ᠬᠠᠮᠠᠭᠠᠯᠠᠬᠤ ᠳᠤ ᠴᠢᠬᠤᠯᠠ ᠦᠶᠯᠡᠳᠦᠯ ᠲᠠᠢ ᠶᠤᠮ᠃ | |