ᠨᠢᠭᠡ ᠳᠤ ᠰᠢᠯᠢᠩᠬᠤᠲᠠ ᠶᠢᠨ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠲᠣᠪᠴᠢᠶᠠᠨ ᠳᠠᠷᠤᠭ᠎ᠠ ᠴᠤᠩᠬᠤᠪᠴᠢ ᠳᠤ ᠰᠠᠭᠤᠵᠤ ᠡᠭᠡᠯᠵᠢ ᠳᠠᠭᠠᠭᠤᠯᠬᠤ ᠳᠦᠷᠢᠮ ᠢ ᠲᠤᠷᠰᠢᠨ ᠬᠡᠷᠡᠭᠵᠢᠭᠦᠯᠵᠦ᠂ | ᠠᠵᠤ ᠠᠬᠤᠶᠢᠯᠠᠯ ᠪᠤᠯᠤᠨ ᠣᠯᠠᠨ ᠲᠦᠮᠡᠨ ᠳᠤ ᠳᠣᠲᠣᠨᠣ ᠪᠠᠷ ᠦᠢᠯᠡᠴᠢᠯᠡᠬᠦ᠂ ᠲᠠᠭᠠᠰᠢᠶᠠᠯᠲᠠᠢ ᠠᠵᠢᠯ ᠤᠨ ᠪᠠᠶᠢᠷᠢ | ᠪᠣᠯᠭᠠᠪᠠ᠃ ᠬᠤᠶᠠᠷ ᠲᠤ ᠲᠢᠩᠬᠢᠮ ᠳᠤ ᠰᠠᠭᠤᠭ᠎ᠠ ᠨᠢᠭᠡᠴᠢ ᠬᠠᠮᠲᠤᠷᠠᠨ ︽ᠲᠢᠩᠬᠢᠮ ᠳᠤ ᠰᠠᠭᠤᠭ᠎ᠠ ᠨᠢᠭᠡᠴᠢ ᠶᠢᠨ | ᠲᠣᠪᠴᠢᠶᠠᠨ ᠳᠠᠷᠤᠭ᠎ᠠ ᠴᠤᠩᠬᠤᠪᠴᠢ ᠳᠤ ᠰᠠᠭᠤᠵᠤ ᠡᠭᠡᠯᠵᠢ ᠳᠠᠭᠠᠭᠤᠯᠬᠤ ᠳᠦᠷᠢᠮ︾ ᠢ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠲᠢᠩᠬᠢᠮ ᠤᠨ ᠢᠯᠡ ᠪᠠᠶᠢᠷᠢᠨ ᠳᠤ ᠵᠢᠵᠢᠭᠦᠷᠯᠡᠬᠦ ᠲᠡᠮᠳᠡᠭ ᠫᠠᠶᠢᠰᠠ ᠡᠯᠭᠦᠵᠦ᠂ ᠠᠵᠤ | ᠠᠬᠤᠶᠢᠯᠠᠯ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠴᠦ᠂ ᠭᠠᠶᠢᠯᠢ ᠲᠤᠰᠢᠶᠠᠭᠴᠢ ᠶᠢ ᠬᠠᠪᠰᠤᠷᠤᠨ | ᠪᠣᠳᠠᠲᠠᠶ ᠠᠰᠠᠭᠤᠳᠠᠯ ᠢ ᠨᠢ ᠰᠢᠶᠳᠪᠦᠷᠢᠯᠡᠵᠦ ᠥᠭᠪᠡ᠃ ᠭᠤᠷᠪᠠ ᠳᠤ ︽ᠨᠢᠭᠡ ᠴᠣᠩᠬᠤᠪᠴᠢ︾ ᠪᠠᠷ ᠲᠠᠲᠠᠪᠤᠷᠢᠯᠠᠬᠤ | ᠲᠤᠰᠢᠶᠠᠬᠤ ᠬᠤᠶᠠᠷ ᠲᠠᠯ᠎ᠠ ᠶᠢᠨ ᠬᠠᠷᠢᠴᠠᠭ᠎ᠠ ᠶᠢ ᠨᠢᠭᠲᠠᠷᠠᠭᠤᠯᠵᠤ᠂ ᠭᠠᠶᠢᠯᠢ ᠲᠤᠰᠢᠶᠠᠬᠤ ᠦᠶᠯᠡᠴᠢᠯᠡᠭᠡᠨ ᠤ ᠠᠷᠭ᠎ᠠ | ᠬᠡᠮᠵᠢᠶ᠎ᠡ ᠪᠠ ᠳᠣᠲᠣᠭᠠᠳᠤ ᠶᠢᠨ ᠪᠦᠲᠦᠮᠵᠢᠲᠡᠶ ᠬᠠᠮᠢᠶᠠᠷᠤᠯᠲᠠ ᠶᠢᠨ ᠳᠦᠷᠢᠮ ᠢ ᠴᠠᠭ ᠲᠤᠬᠠᠶ ᠳᠤ ᠨᠢ ᠵᠦᠶ ᠵᠣᠬᠢᠰᠲᠠᠶ | ᠲᠣᠬᠢᠷᠠᠭᠤᠯᠵᠤ᠂ ᠭᠠᠶᠢᠯᠢ ᠶᠢᠨ ᠠᠵᠢᠯ ᠭᠦᠶᠴᠡᠳᠬᠡᠬᠦ ᠠᠵᠢᠯᠲᠠᠨ ᠤ ᠠᠵᠢᠯ ᠤᠨ ᠰᠠᠬᠢᠯᠭ᠎ᠠ ᠪᠠᠲᠤ ᠶᠢ ᠬᠢᠨᠠᠨ | ᠪᠠᠶᠢᠴᠠᠭᠠᠵᠤ᠂ ᠠᠵᠢᠯ ᠤᠨ ᠦᠷ᠎ᠡ ᠪᠦᠲᠦᠮᠵᠢ ᠶᠢ ᠨᠢ ᠰᠢᠮᠳᠠᠭᠤᠯᠤᠨ ᠳᠡᠭᠡᠭᠰᠢᠯᠡᠭᠦᠯᠪᠡ᠃ ᠳᠥᠷᠪᠡ ᠳᠤ ᠰᠢᠯᠢᠳᠡᠭ | ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠲᠠᠪᠤ ᠳᠤ ︽ᠠᠳᠠᠯᠢᠬᠠᠨ ᠪᠠᠶᠢᠬᠤ︾ ︵ᠠᠰᠠᠭᠤᠨ ᠯᠠᠪᠯᠠᠬᠤ ᠪᠠ | ᠬᠦᠯᠢᠶᠡᠨ ᠠᠪᠴᠤ ᠰᠢᠶᠳᠪᠦᠷᠢᠯᠡᠬᠦ ᠨᠢ ᠠᠳᠠᠯᠢᠬᠠᠨ ᠬᠠᠯᠠᠭᠤᠮᠰᠤᠭ ᠪᠠᠶᠢᠬᠤ᠂ ᠲᠠᠨᠢᠯ ᠨᠦᠬᠦᠳ ᠲᠠᠨᠢᠯ ᠪᠤᠰᠤ | ᠨᠦᠬᠦᠳ ᠲᠤ ᠠᠳᠠᠯᠢᠬᠠᠨ ᠡᠶᠡᠯᠳᠡᠭ ᠪᠠᠶᠢᠬᠤ᠂ ᠺᠠᠳ᠋ᠷ ᠣᠯᠠᠨ ᠲᠦᠮᠡᠨ ᠢ ᠠᠳᠠᠯᠢᠬᠠᠨ ᠬᠦᠨᠳᠦᠳᠬᠡᠬᠦ᠂ ᠶᠠᠭᠠᠷᠠᠤ | ᠦᠶ᠎ᠡ ᠳᠤ ᠴᠦ ᠠᠳᠠᠯᠢᠬᠠᠨ ᠬᠦᠯᠢᠴᠡᠩᠭᠦᠶ ᠪᠠᠶᠢᠬᠤ ᠪᠠ ᠬᠤᠵᠢᠭᠳᠠᠵᠤ ᠢᠷᠡᠭᠰᠡᠨ ᠴᠦ ᠠᠳᠠᠯᠢᠬᠠᠨ ᠭᠦᠢᠴᠡᠳᠭᠡᠵᠦ | ᠥᠭᠬᠦ︶᠂ ᠲᠠᠪᠤ ᠶᠢ ︽ᠥᠯᠥ ᠵᠥᠪᠰᠢᠶᠡᠷᠡᠬᠦ︾ ︵ᠭᠦᠢᠴᠡᠳᠭᠡᠪᠡᠰᠦ ᠴᠢᠬᠤᠯᠠ ᠲᠠᠢ ᠶᠠᠪᠤᠳᠠᠯ ᠢ ᠴᠤᠩᠬᠤᠪᠴᠢ ᠳᠤ | ᠰᠠᠭᠠᠲᠠᠭᠠᠬᠤ ᠶᠢ ᠦᠯᠦ ᠵᠦᠪᠰᠢᠶᠡᠷᠡᠬᠦ᠂ ᠥᠨᠦᠳᠦᠷ ᠭᠦᠢᠴᠡᠳᠭᠡᠵᠦ ᠳᠡᠶᠢᠯᠬᠦ ᠶᠠᠪᠤᠳᠠᠯ ᠢ ᠮᠠᠷᠭᠠᠰᠢ ᠭᠦᠶᠴᠡᠳᠬᠡᠬᠦ ᠶᠢ | ᠦᠯᠦ ᠵᠦᠪᠰᠢᠶᠡᠷᠡᠬᠦ᠂ ᠶᠠᠪᠤᠳᠠᠯ ᠭᠦᠢᠴᠡᠳᠭᠡᠬᠦ ᠬᠦᠮᠦᠰ ᠢ ᠢᠯᠡᠭᠦᠤ ᠭᠦᠶᠦᠯᠭᠡᠬᠦ ᠶᠢ ᠦᠯᠦ ᠵᠦᠪᠰᠢᠶᠡᠷᠡᠬᠦ᠂ | ᠶᠠᠪᠤᠳᠠᠯ ᠭᠦᠢᠴᠡᠳᠭᠡᠬᠦ ᠬᠦᠮᠦᠰ ᠲᠤ ᠶᠤᠰᠤᠷᠬᠠᠭ ᠪᠤᠰᠤ ᠪᠠᠷ ᠬᠠᠨᠲᠤᠬᠤ ᠶᠢ ᠦᠯᠦ ᠵᠦᠪᠰᠢᠶᠡᠷᠡᠬᠦ᠂ | ᠴᠤᠩᠬᠤᠪᠴᠢ ᠪᠠᠷ ᠦᠢᠯᠡᠴᠢᠯᠡᠬᠦ ᠳᠤ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠳᠦᠷᠢ ᠲᠥᠷᠬᠦ ᠶᠢ | ᠬᠤᠬᠢᠷᠠᠭᠤᠯᠬᠤ ᠶᠢ ᠦᠯᠦ ᠵᠦᠪᠰᠢᠶᠡᠷᠡᠬᠦ︶ ᠵᠡᠷᠭᠡ ᠳᠣᠲᠣᠭᠠᠳᠤ ᠭᠠᠳᠠᠭᠠᠳᠤ ᠳᠤ ᠬᠠᠪᠰᠤᠷᠭᠠᠨ ᠵᠠᠰᠠᠬᠤ ᠬᠢᠨᠠᠨ | ᠵᠥᠪᠰᠢᠶᠡᠷᠡᠬᠦ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠴᠣᠩᠬᠤᠪᠴᠢ ᠪᠠᠷ ᠦᠢᠯᠡᠴᠢᠯᠡᠬᠦ ᠶᠢ | ᠪᠠᠷᠢᠮᠵᠢᠶᠠᠵᠢᠭᠤᠯᠬᠤ᠂ ᠴᠣᠩᠬᠤᠪᠴᠢ ᠪᠠᠷ ᠢᠯᠡᠷᠡᠭᠦᠯᠬᠦ ᠶᠢ ᠪᠠᠷᠢᠮᠵᠢᠶᠠᠵᠢᠭᠤᠯᠬᠤ᠂ ᠴᠣᠩᠬᠤᠪᠴᠢ ᠶᠢᠨ ᠳᠦᠷᠢ | ᠲᠥᠷᠬᠦ ᠶᠢ ᠪᠠᠷᠢᠮᠵᠢᠶᠠᠵᠢᠭᠤᠯᠬᠤ ᠶᠢ ᠢᠳᠡᠪᠬᠢᠲᠡᠢ ᠠᠬᠢᠭᠤᠯᠪᠠ᠃ ᠲᠠᠪᠤ ᠳᠤ ᠪᠤᠰᠤᠳ ᠤᠨ ᠵᠣᠭᠰᠤᠴᠠ ᠠᠴᠠ | ᠰᠡᠳᠬᠢᠨ ᠪᠣᠳᠣᠯᠬᠢᠯᠠᠬᠤ ᠦᠶᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠳᠤ ᠪᠣᠯᠵᠣᠵᠣ ᠦᠢᠯᠡᠴᠢᠯᠡᠬᠦ᠂ ᠭᠡᠷ ᠲᠤ ᠨᠢ ᠬᠦᠷᠴᠦ ᠦᠶᠯᠡᠴᠢᠯᠡᠬᠦ᠂ ᠬᠤᠭᠤᠴᠠᠭ᠎ᠠ ᠶᠢ ᠤᠷᠲᠤᠳᠬᠠᠵᠣ | ᠦᠢᠯᠡᠴᠢᠯᠡᠬᠦ᠂ ᠦᠳᠡ ᠳᠤ ᠠᠮᠠᠷᠠᠬᠤ ᠦᠭᠡᠢ ᠪᠠᠷ ᠦᠢᠯᠡᠴᠢᠯᠡᠬᠦ᠂ ᠰᠠᠨᠠᠭᠤᠯᠵᠤ ᠦᠢᠯᠡᠴᠢᠯᠡᠬᠦ ᠶᠢ ᠰᠠᠶᠢᠲᠤᠷ ᠬᠢᠵᠦ᠂ | ᠣᠯᠠᠨ ᠲᠦᠮᠡᠨ ᠳᠤ ᠬᠠᠮᠤᠭ ᠤᠨ ᠳᠣᠲᠣᠨᠣ ᠬᠢᠨᠠᠨ ᠵᠥᠪᠰᠢᠶᠡᠷᠡᠬᠦ ᠦᠶᠯᠡᠴᠢᠯᠡᠭᠡ ᠬᠠᠩᠭᠠᠪᠠ᠃ |