ᠡᠷᠢᠶᠡᠨ ᠬᠤᠲᠠ ︽ᠠᠯᠤᠰ ᠡᠵᠡᠮᠰᠢᠯᠲᠦ ᠰᠤᠷᠭᠠᠨ ᠬᠥᠮᠦᠵᠢᠯ +︾᠎ ᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2019/9/10
     ᠡᠨᠡ ᠵᠢᠯ ᠠᠴᠠ ᠨᠠᠭᠠᠰᠢ᠂ ᠡᠷᠢᠶᠡᠨ ᠬᠤᠲᠠ ︽ᠠᠯᠤᠰ ᠡᠵᠡᠮᠰᠢᠯᠲᠦ ᠰᠤᠷᠭᠠᠨ ᠬᠥᠮᠦᠵᠢᠯ +︾ ᠰᠢᠨ᠎ᠡ ᠵᠠᠭᠪᠤᠷ ᠢ ᠰᠦᠪᠡᠭᠴᠢᠯᠡᠬᠦ ᠪᠠᠷ ᠳᠠᠮᠵᠢᠨ᠂ ᠠᠯᠤᠰ ᠡᠵᠡᠮᠰᠢᠯᠲᠦ ᠰᠤᠷᠭᠠᠨ ᠬᠥᠮᠦᠵᠢᠯ ᠢ ᠰᠤᠷᠭᠠᠭᠤᠯᠢ ᠳᠤ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠭᠡᠰᠢᠭᠦᠳ ᠲᠤ ᠬᠥᠮᠦᠵᠢᠯ ᠬᠦᠷᠲᠡᠭᠡᠬᠦ᠂ ᠮᠠᠯᠴᠢᠨ ᠲᠠᠷᠢᠶᠠᠴᠢᠨ ᠳᠤ ᠮᠡᠳᠡᠯᠭᠡ ᠡᠵᠡᠮᠰᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠵᠡᠶ᠃      ᠨᠢᠭᠡ ᠳᠤ ᠠᠯᠤᠰ ᠡᠵᠡᠮᠰᠢᠯᠲᠦ ᠰᠤᠷᠭᠠᠨ ᠬᠥᠮᠦᠵᠢᠯ + ᠤᠯᠤᠰ ᠲᠥᠷᠦ ᠶᠢᠨ ᠤᠨᠤᠯ ᠨᠢ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃ ᠠᠯᠤᠰ ᠡᠵᠡᠮᠰᠢᠯᠲᠦ ᠰᠤᠷᠭᠠᠨ ᠬᠥᠮᠦᠵᠢᠯ ᠢ ᠠᠰᠢᠭᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠥᠷᠭᠡᠨ ᠢᠶᠠᠷ ᠤᠬᠠᠭᠤᠯᠵᠤ᠂ ᠨᠠᠮ ᠪᠣᠯᠤᠨ ᠤᠯᠤᠰ ᠤᠨ ᠮᠠᠯᠵᠢᠬᠤ ᠲᠠᠷᠢᠶᠠᠯᠠᠬᠤ ᠣᠷᠣᠨ ᠳᠠᠬᠢ ᠡᠯ᠎ᠡ ᠵᠦᠢᠯ ᠤᠨ ᠴᠢᠭᠯᠡᠯᠲᠡ ᠲᠥᠷᠦ ᠶᠢᠨ ᠪᠣᠳᠣᠯᠭ᠎ᠠ ᠶᠢ ᠤᠬᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠳᠤ ᠬᠠᠨᠳᠤᠭᠤᠯᠤᠭᠰᠠᠨ ᠰᠤᠷᠭᠠᠨ ᠬᠦᠮᠦᠵᠢᠯ ᠢᠶᠠᠷ ᠬᠦᠲᠦᠯᠦᠨ ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠲᠡᠳᠡᠨ ᠤ ᠲᠥᠷᠦ ᠶᠢᠨ ᠪᠣᠳᠣᠯᠭ᠎ᠠ ᠶᠢ ᠴᠤᠤᠷᠢᠶᠠᠲᠤᠨ ᠳᠠᠭᠠᠬᠤ ᠢᠳᠡᠪᠬᠢᠵᠢᠯ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠬᠤ ᠰᠠᠨᠠᠭᠠᠴᠢᠯᠠᠭᠠᠲᠤ ᠴᠢᠨᠠᠷ᠂ ᠲᠥᠷᠦ ᠶᠢᠨ ᠪᠣᠳᠣᠯᠭ᠎ᠠ ᠶᠢ ᠬᠡᠷᠡᠭᠵᠢᠭᠦᠯᠬᠦ ᠤᠬᠠᠮᠰᠠᠷᠲᠤ ᠴᠢᠨᠠᠷ ᠢ ᠨᠢ ᠪᠦᠲᠦᠮᠵᠢᠲᠡᠶ ᠳᠡᠭᠡᠭᠰᠢᠯᠡᠭᠦᠯᠵᠦ᠂ ᠭᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠨᠠᠩ ᠣᠯᠠᠨ ᠬᠥᠮᠦᠨ ᠢ ᠰᠠᠨᠠᠭᠠᠴᠢᠯᠠᠭ᠎ᠠ ᠠᠴᠠ ᠪᠠᠨ᠂ ᠢᠳᠡᠪᠬᠢᠲᠡᠶ ᠪᠠᠷ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠵᠠᠢ᠃      ᠬᠤᠶᠠᠷ ᠲᠤ ᠠᠯᠤᠰ ᠡᠵᠡᠮᠰᠢᠯᠲᠦ ᠰᠤᠷᠭᠠᠨ ᠬᠥᠮᠦᠵᠢᠯ + ᠰᠣᠶᠣᠯ ᠤᠨ ᠤᠬᠠᠭᠤᠯᠤᠯ ᠨᠢ ᠬᠢᠯᠢ ᠬᠢᠵᠠᠭᠠᠷ ᠣᠷᠣᠨ ᠤ ᠬᠤᠲᠠ ᠶᠢᠨ ᠰᠣᠶᠣᠯ ᠢ ᠴᠡᠴᠡᠭᠯᠡᠭᠦᠯᠦᠨ ᠬᠦᠭᠵᠢᠭᠦᠯᠵᠡᠢ᠃ ᠡᠯ᠎ᠡ ᠭᠠᠴᠠᠭᠠᠨ ᠤ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠥᠷᠲᠡᠭᠡ ᠴᠡᠭ ᠲᠠᠢ ᠤᠶᠠᠯᠳᠤᠭᠤᠯᠤᠨ᠂ ᠭᠠᠴᠠᠭᠠᠨ ᠤ ᠠᠵᠢᠯᠯᠠᠭᠠᠨ ᠤ ᠲᠥᠪ ᠢ ᠭᠦᠢᠴᠡᠳ ᠠᠰᠢᠭᠯᠠᠵᠤ᠂ ᠴᠠᠭ ᠲᠤᠬᠠᠶ ᠳᠤ ᠨᠢ ᠲᠤᠰᠬᠠᠶ ᠰᠡᠳᠦᠪᠲᠦ ᠹᠢᠯᠢᠮ᠂ ᠪᠢᠴᠢᠯ ᠺᠢᠨᠣ᠋᠂ ᠤᠳᠬ᠎ᠠ ᠤᠷᠠᠯᠢᠭ ᠤᠨ ᠫᠷᠤᠭ᠍ᠷᠠᠮ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠠᠷᠠᠭᠠᠨ ᠳᠠᠪᠲᠠᠮᠵᠢ ᠶᠢ ᠨᠡᠪᠲᠡᠷᠡᠭᠦᠯᠵᠦ᠂ ᠡᠬᠢ ᠪᠠᠶᠠᠯᠢᠭ ᠤᠨ ᠣᠯᠠᠨ ᠶᠠᠩᠵᠤᠲᠤ ᠴᠢᠨᠠᠷ᠂ ᠲᠤᠰᠬᠠᠶ ᠮᠡᠷᠭᠡᠵᠢᠯ ᠤᠨ ᠴᠢᠨᠠᠷ᠂ ᠤᠬᠠᠭᠤᠯᠭ᠎ᠠ ᠶᠢᠨ ᠴᠢᠨᠠᠷ ᠢ ᠭᠦᠢᠴᠡᠳ ᠪᠠᠳᠠᠷᠠᠭᠤᠯᠤᠨ᠂ ᠨᠠᠮ ᠤᠨ ᠭᠡᠰᠢᠭᠦᠨ ᠣᠯᠠᠨ ᠲᠦᠮᠡᠨ ᠤ ᠰᠣᠶᠣᠯ ᠬᠡᠪ ᠰᠤᠷᠲᠠᠯ ᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠡᠢ︔ ᠨᠠᠮ ᠤᠨ ᠭᠡᠰᠢᠭᠦᠨ ᠣᠯᠠᠨ ᠲᠦᠮᠡᠨ ᠢ ᠵᠣᠬᠢᠶᠠᠨ ᠪᠠᠢᠭᠤᠯᠵᠤ ᠨᠠᠮ ᠤᠨ ᠪᠢᠴᠢᠯ ᠬᠢᠴᠢᠶᠡᠯ᠂ ᠲᠠᠯᠠᠪᠠᠢ ᠶᠢᠨ ᠪᠥᠵᠢᠭ ᠤᠨ ᠤᠷᠤᠯᠳᠤᠭᠠᠨ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠬᠦᠯᠢᠶᠡᠨ ᠠᠪᠤᠭᠴᠢᠳ ᠢ ︽ᠴᠥᠭᠡᠨ ᠲᠣᠭᠠᠨ ᠤ ᠨᠠᠮ ᠤᠨ ᠭᠡᠰᠢᠭᠦᠨ︾᠎ ᠠᠴᠠ ︽ᠥᠷᠭᠡᠨ ᠣᠯᠠᠨ ᠲᠦᠮᠡᠨ︾ ᠲᠡᠰᠢ ᠥᠷᠭᠡᠳᠬᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃      ᠭᠤᠷᠪᠠ ᠳᠤ ᠠᠯᠤᠰ ᠡᠵᠡᠮᠰᠢᠯᠲᠦ ᠰᠤᠷᠭᠠᠨ ᠬᠥᠮᠦᠵᠢᠯ + ᠲᠠᠷᠢᠶᠠᠯᠠᠩ ᠤᠨ ᠰᠢᠨᠵᠢᠯᠡᠬᠦ ᠤᠬᠠᠭᠠᠨ ᠤ ᠪᠣᠯᠪᠠᠰᠤᠷᠠᠭᠤᠯᠤᠯ ᠨᠢ ᠣᠯᠠᠨ ᠲᠦᠮᠡᠨ ᠢ ᠪᠠᠶᠠᠵᠢᠯ ᠤᠨ ᠵᠠᠮ ᠢᠶᠠᠷ ᠬᠦᠲᠦᠯᠵᠡᠢ᠃ ᠶᠠᠳᠠᠭᠤ ᠶᠢ ᠲᠡᠳᠬᠦᠬᠦ ᠬᠢᠭᠡᠳ ᠢᠲᠡᠭᠡᠯ ᠵᠣᠷᠢᠭ᠂ ᠣᠶᠤᠨ ᠤᠬᠠᠭᠠᠨ ᠢ ᠨᠢ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠵᠤ᠂ ᠡᠯ᠎ᠡ ᠭᠠᠴᠠᠭᠠᠨ ᠤ ᠺᠠᠳ᠋ᠷᠴᠤᠳ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠥᠷᠲᠡᠭᠡ ᠴᠡᠭ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠤᠰᠬᠠᠶ ᠰᠡᠳᠦᠪᠲᠦ ᠰᠤᠷᠭᠠᠨ ᠬᠥᠮᠦᠵᠢᠯ ᠤᠨ ᠹᠢᠯᠢᠮ ᠢ ᠦᠵᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠤᠷ᠎ᠠ ᠴᠢᠳᠠᠪᠤᠷᠢ ᠪᠠ ᠪᠠᠶᠠᠵᠢᠨ ᠴᠢᠨᠡᠭᠡᠯᠢᠭᠵᠢᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠂ ᠠᠯᠤᠰ ᠡᠵᠡᠮᠰᠢᠯᠲᠦ ᠰᠤᠷᠭᠠᠨ ᠬᠥᠮᠦᠵᠢᠯ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠳᠤ ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠬᠢ ᠦᠢᠯᠡᠳᠦᠯ ᠢ ᠨᠢ ᠭᠦᠢᠴᠡᠳ ᠪᠠᠳᠠᠷᠠᠭᠤᠯᠵᠡᠢ᠃ ᠡᠭᠦᠨ ᠤ ᠬᠠᠮᠲᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠬᠥᠮᠦᠰ ᠲᠠᠢ ᠢᠳᠡᠪᠬᠢᠲᠡᠢ ᠬᠠᠷᠢᠯᠴᠠᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠲᠠᠷᠢᠮᠠᠯ ᠤᠨ ᠮᠡᠷᠭᠡᠵᠢᠯ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠮᠡᠷᠭᠡᠵᠢᠯ ᠵᠡᠷᠭᠡ ᠲᠠᠯ᠎ᠠ ᠪᠠᠷ ᠲᠠᠶᠢᠯᠤᠮᠵᠢ ᠬᠢᠯᠭᠡᠵᠦ᠂ ᠣᠯᠠᠨ ᠲᠦᠮᠡᠨ ᠤ ᠳᠡᠷᠭᠡᠳᠡᠬᠢ ᠪᠠᠶᠠᠵᠢᠯ ᠤᠨ ᠳᠠᠭᠠᠭᠤᠯᠤᠭᠴᠢ ᠶᠢ ᠤᠷᠢᠵᠤ ᠪᠠᠶᠠᠵᠢᠨ ᠴᠢᠨᠡᠭᠡᠯᠢᠭᠵᠢᠭᠰᠡᠨ ᠲᠤᠷᠰᠢᠯᠭ᠎ᠠ ᠶᠢ ᠤᠯᠠᠮᠵᠢᠯᠠᠵᠤ᠂ ᠠᠮᠢᠳᠤᠯᠢᠭ ᠴᠣᠪᠣᠭᠤ ᠦᠢᠯᠡ ᠶᠠᠪᠤᠳᠠᠯ ᠢᠶᠠᠷ ᠮᠠᠯᠴᠢᠨ ᠲᠠᠷᠢᠶᠠᠴᠢᠳ ᠤᠨ ᠦᠵᠡᠯᠲᠡ ᠪᠠᠨ ᠬᠤᠪᠢᠷᠠᠭᠤᠯᠬᠤ ᠶᠢ ᠨᠢ ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠬᠤ ᠵᠠᠮ ᠢ ᠥᠷᠭᠡᠳᠬᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号