ᠪᠣᠭᠤᠲᠤ ᠬᠤᠲᠠ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠵᠠᠷᠤᠯᠭ᠎ᠠ ᠶᠢᠨ ᠠᠬᠢᠴᠠ ᠪᠠᠨ ᠲᠦᠷᠭᠡᠳᠬᠡᠵᠦ ᠨᠡᠮᠡᠭᠳᠡᠯ ᠢᠶᠠᠨ ᠲᠣᠭᠲᠠᠪᠤᠷᠢᠵᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019/9/12
     ᠡᠳ᠋ ᠤᠨ ᠵᠠᠰᠠᠭ ᠤᠨ ᠪᠠᠯᠠ ᠮᠥᠩᠭᠦ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠎ ᠨᠢ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠪᠠᠷ ᠲᠥᠰᠦᠪ ᠤᠨ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠭᠤᠣᠯᠳᠠᠯᠭ᠎ᠠ ᠪᠣᠯᠭᠠᠵᠤ᠂ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠲᠥᠰᠦᠪ ᠤᠨ ᠬᠡᠷᠡᠭᠵᠢᠭᠦᠯᠦᠯᠲᠡ ᠶᠢ ᠳᠡᠰ ᠳᠠᠷᠠᠭᠠᠯᠠᠯ ᠤᠨ ᠠᠬᠢᠴᠠ ᠠᠴᠠ ᠥᠨᠳᠥᠷ ᠪᠠᠶᠢᠯᠭᠠᠬᠤ ᠶᠢ ᠠᠬᠢᠭᠤᠯᠵᠤ ᠪᠠᠶᠢᠨ᠎ᠠ᠃      ᠨᠢᠭᠡ ᠳᠤ ᠰᠢᠭᠤᠳ ᠥᠭᠬᠦ ᠵᠦᠢᠯᠡᠰ ᠤᠨ ᠭᠠᠷᠴᠠᠭ ᠲᠤ ᠵᠠᠰᠠᠪᠤᠷᠢ ᠣᠷᠤᠭᠤᠯᠪᠠ᠃ ᠵᠢᠯ ᠤᠨ ᠡᠬᠢᠨ ᠳᠤ ᠡᠳ᠋ ᠤᠨ ᠵᠠᠰᠠᠭ ᠤᠨ ᠰᠢᠭᠤᠳ ᠥᠭᠬᠦ ᠭᠠᠷᠴᠠᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠠᠴᠠ ᠡᠷᠬᠡ ᠣᠯᠭᠤᠵᠤ ᠥᠭᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃ ᠤᠯᠤᠰ ᠤᠨ ᠰᠠᠩ ᠠᠴᠠ ᠡᠯᠧᠺᠲᠷᠣᠨ ᠢᠶᠠᠷ ᠣᠯᠭᠤᠬᠤ ᠶᠢ ᠬᠡᠷᠡᠭᠵᠢᠭᠦᠯᠵᠦ᠂ ᠨᠢᠭᠡᠴᠢ ᠶᠢᠨ ᠠᠵᠢᠯ ᠬᠡᠷᠡᠭ ᠭᠦᠢᠴᠡᠳᠬᠡᠬᠦ ᠳᠤ ᠳᠥᠭᠦᠮ ᠦᠵᠡᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠬᠤᠶᠠᠷ ᠲᠤ ᠲᠥᠷᠥᠯ ᠵᠦᠢᠯ ᠤᠨ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠪᠡ᠃ ᠳᠡᠭᠡᠳᠦ ᠱᠠᠲᠤᠨ ᠠᠴᠠ ᠲᠣᠳᠣᠷᠬᠠᠶ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠪᠠᠶᠢᠪᠠᠯ᠂ ᠨᠢᠭᠡᠴᠢ ᠪᠤᠶᠤ ᠭᠠᠵᠠᠷ ᠣᠷᠣᠨ ᠳᠤ ᠪᠠᠭᠤᠯᠭᠠᠨ ᠥᠭᠬᠦ ᠶᠢᠨ ᠬᠠᠮᠲᠤ᠂ ᠨᠢᠭᠡᠴᠢ ᠶᠢ ᠲᠣᠭᠲᠠᠭᠰᠠᠨ ᠬᠤᠭᠤᠴᠠᠭᠠᠨ ᠳᠤ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠴᠠᠭ ᠲᠤᠬᠠᠶ ᠳᠤ ᠨᠢ ᠮᠡᠳᠡᠭᠦᠯᠬᠦ ᠶᠢ ᠱᠠᠭᠠᠷᠳᠠᠵᠤ᠂ ᠪᠠᠯᠠ ᠮᠥᠩᠭᠦ ᠶᠢ ᠴᠠᠭ ᠲᠤᠬᠠᠶ ᠳᠤ ᠨᠢ ᠰᠠᠯᠭᠠᠨ ᠥᠭᠬᠦ ᠳᠤ ᠳᠥᠭᠦᠮ ᠦᠵᠡᠭᠦᠯᠪᠡ︔ ᠵᠢᠯ ᠤᠨ ᠡᠬᠢᠨ ᠤ ᠲᠥᠰᠦᠪ ᠲᠤ ᠲᠣᠭᠲᠠᠭᠠᠭᠰᠠᠨ ᠲᠥᠷᠥᠯ ᠵᠦᠢᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠲᠥᠷᠥᠯ ᠵᠦᠢᠯ ᠤᠨ ᠨᠢᠭᠡᠴᠢ ᠶᠢᠨ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠶᠢ ᠰᠢᠮᠳᠠᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠢ ᠲᠦᠯᠬᠢᠨ ᠠᠬᠢᠭᠤᠯᠵᠤ᠂ ᠪᠣᠳᠠᠲᠤ ᠠᠵᠢᠯ ᠤᠨ ᠬᠡᠮᠵᠢᠶ᠎ᠡ ᠶᠢ ᠲᠥᠷᠭᠡᠳᠬᠡᠪᠡ᠃      ᠭᠤᠷᠪᠠ ᠳᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠪᠡ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠢᠯ ᠤᠨ ᠡᠬᠢᠨ ᠤ ᠲᠥᠰᠦᠪ ᠲᠤ ᠨᠢᠭᠡᠳᠦᠯᠲᠡᠢ ᠲᠥᠯᠥᠪᠯᠡᠵᠦ᠂ ᠬᠤᠰᠢᠭᠤ ᠰᠢᠶᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ᠂ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠲᠣᠬᠢᠷᠠᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠡᠷᠲᠡ ᠬᠡᠷᠡᠭᠯᠡᠨ ᠡᠷᠲᠡ ᠬᠡᠷᠡᠭᠵᠢᠭᠦᠯᠬᠦ ᠶᠢ ᠪᠠᠲᠤᠯᠠᠪᠠ᠃      ᠳᠥᠷᠪᠡ ᠳᠤ  ᠨᠡᠪᠲᠡᠷᠡᠭᠦᠯᠬᠦ ᠵᠣᠬᠢᠴᠠᠭᠤᠯᠬᠤ ᠡᠷᠴᠢᠮ ᠢ ᠴᠢᠩᠭᠠᠷᠠᠭᠤᠯᠪᠠ᠃ ᠳᠡᠭᠡᠳᠦ ᠱᠠᠲᠤᠨ ᠠᠴᠠ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠬᠦᠴᠦᠨ ᠵᠦᠢᠯ ᠤᠨ ᠠᠷᠭ᠎ᠠ ᠪᠠᠷ ᠬᠤᠪᠢᠶᠠᠷᠢᠯᠠᠵᠤ ᠪᠣᠯᠬᠤ ᠶᠢ ᠨᠢ ᠪᠡᠯᠡ ᠮᠥᠩᠭᠦ ᠶᠢ ᠴᠠᠭ ᠲᠤᠬᠠᠶ ᠳᠤ ᠨᠢ 80%᠎ ᠶᠢᠨ ᠬᠠᠷᠢᠴᠠᠯ ᠢᠶᠠᠷ ᠪᠠᠭᠤᠯᠭᠠᠪᠠ︔ ᠪᠣᠳᠠᠲᠠᠶ ᠬᠤᠪᠢᠶᠠᠷᠢᠯᠠᠬᠤ ᠰᠠᠨᠠᠯ ᠳᠤᠷᠠᠳᠬᠤ ᠶᠢ ᠨᠢ ᠡᠯ᠎ᠡ ᠨᠢᠭᠡᠴᠢ ᠳᠤ ᠬᠤᠭᠤᠴᠠᠭ᠎ᠠ ᠬᠢᠵᠠᠭᠠᠷᠯᠠᠨ ᠬᠤᠪᠢᠶᠠᠷᠢᠯᠠᠬᠤ ᠰᠠᠨᠠᠯ ᠳᠤᠷᠠᠳᠤᠭᠤᠯᠬᠤ ᠪᠠᠷ ᠱᠠᠭᠠᠷᠳᠠᠪᠠ︔ ᠵᠠᠷᠤᠯᠭ᠎ᠠ ᠶᠢᠨ ᠠᠬᠢᠴᠠ ᠨᠢ ᠨᠡᠯᠢᠶᠡᠳ ᠤᠳᠠᠭᠠᠨ ᠪᠠᠶᠢᠭ᠎ᠠ ᠰᠠᠯᠠᠭ᠎ᠠ ᠮᠥᠴᠢᠷ ᠢ ᠵᠠᠷᠯᠠᠨ ᠨᠡᠪᠲᠡᠷᠡᠭᠦᠯᠵᠦ᠂ ᠢᠯᠠᠩᠭᠤᠶ᠎ᠠ ᠲᠥᠪ ᠤᠨ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠬᠦ ᠪᠠᠷ ᠳᠠᠮᠵᠢᠭᠤᠯᠤᠨ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠢ ᠴᠠᠭ ᠲᠤᠬᠠᠶ ᠳᠤ ᠨᠢ ᠵᠣᠬᠢᠴᠠᠭᠤᠯᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠵᠠᠷᠤᠯᠭ᠎ᠠ ᠶᠢᠨ ᠠᠬᠢᠴᠠ ᠶᠢ ᠲᠥᠷᠭᠡᠳᠬᠡᠪᠡ᠃      ᠲᠠᠪᠤ ᠳᠤ ᠬᠥᠳᠡᠯᠦᠩᠭᠦᠶ ᠪᠠᠷ ᠬᠢᠨᠠᠨ ᠡᠵᠡᠮᠳᠡᠵᠦ ᠲᠣᠬᠢᠷᠠᠭᠤᠯᠬᠤ ᠪᠠᠨ ᠴᠢᠩᠭᠠᠳᠬᠠᠪᠠ᠃ ᠤᠯᠤᠰ ᠤᠨ ᠬᠥᠮᠥᠷᠭᠡ ᠶᠢᠨ ᠵᠣᠭᠤᠰ ᠣᠯᠭᠤᠬᠤ ᠬᠥᠳᠡᠯᠦᠩᠭᠦᠶ ᠬᠢᠨᠠᠨ ᠡᠵᠡᠮᠳᠡᠬᠦ ᠰᠢᠰᠲ᠋ᠧᠮ ᠳᠤ ᠲᠦᠰᠢᠭᠯᠡᠨ᠂ ᠭᠦᠢᠴᠡᠳᠬᠡᠬᠦ ᠲᠤᠭ᠎ᠠ ᠶᠢ ᠬᠦᠯᠢᠶᠡᠨ ᠠᠪᠬᠤ᠂ ᠬᠤᠪᠢᠶᠠᠷᠢᠯᠠᠬᠤ᠂ ᠪᠠᠭᠤᠯᠭᠠᠬᠤ᠂ ᠪᠡᠯᠡ ᠮᠥᠩᠭᠦ ᠣᠯᠭᠤᠬᠤ ᠲᠤᠭ᠎ᠠ ᠪᠠᠷᠢᠮᠲᠠ ᠶᠢ ᠭᠠᠷᠭᠠᠨ ᠠᠪᠬᠤ ᠵᠡᠷᠭᠡ ᠡᠯ᠎ᠡ ᠭᠤᠭᠴᠤᠭ᠎ᠠ ᠶᠢ ᠴᠠᠭ ᠲᠤᠬᠠᠶ ᠳᠤ ᠨᠢ ᠬᠢᠨᠠᠨ ᠡᠵᠡᠮᠳᠡᠵᠦ᠂ ᠡᠳ᠋ ᠤᠨ ᠵᠠᠰᠠᠭ ᠤᠨ ᠳᠣᠲᠣᠭᠠᠳᠤ ᠳᠤ ᠪᠠᠨ ᠰᠠᠷ᠎ᠠ ᠪᠦᠷᠢ ᠲᠣᠬᠢᠷᠠᠭᠤᠯᠤᠯᠲᠠ ᠬᠢᠵᠦ᠂ ᠢᠯᠠᠩᠭᠤᠶ᠎ᠠ ᠶᠠᠳᠠᠭᠤ ᠶᠢ ᠲᠡᠳᠬᠦᠬᠦ ᠪᠡᠯᠡ ᠮᠥᠩᠭᠦ ᠶᠢ ᠡᠳᠦᠷ ᠪᠦᠷᠢ ᠵᠠᠷᠯᠠᠨ ᠨᠡᠪᠲᠡᠷᠡᠭᠦᠯᠵᠦ᠂ ᠠᠬᠢᠴᠠ ᠶᠢ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠪᠠᠶᠢᠯᠭᠠᠬᠤ ᠶᠢ ᠦᠨᠡᠨᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号