ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠮᠠᠨᠵᠤᠤᠷ ᠲᠤ ᠬᠤᠷᠠᠯᠳᠤᠪᠠ
ᠨᠡᠶᠢᠲᠡᠯᠡᠭᠰᠡᠨ ᠴᠠᠭ᠄
2019/9/17
     ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠡᠮᠦᠨ᠎ᠡ ᠡᠩᠨᠡᠭᠡᠨ ᠳᠤ ᠵᠢᠭᠰᠠᠨ᠎ᠠ︾᠃ 3 ᠡᠳᠦᠷ ᠶᠠᠪᠤᠭᠳᠠᠭᠰᠠᠨ ︽ᠰᠢᠨ᠎ᠡ ᠶᠢ ᠡᠭᠦᠳᠦᠨ ᠬᠥᠭᠵᠢᠭᠦᠯᠵᠦ᠂ ᠢᠷᠡᠭᠡᠳᠦᠶ ᠳᠤ ᠬᠠᠮᠲᠤᠪᠠᠷ ᠠᠰᠢᠭ ᠬᠦᠷᠲᠡᠬᠦ︾ ᠎ ᠪᠠᠷ ᠭᠤᠤᠯ ᠰᠡᠳᠦᠪ ᠪᠣᠯᠭᠠᠭᠰᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ 9 ᠳ᠋ᠦ᠋ᠭᠡᠷ ᠰᠠᠷ᠎ᠠ ᠶᠢᠨ 12᠎ ᠤᠨ ᠡᠳᠦᠷ ᠮᠠᠨᠵᠤᠤᠷ ᠲᠤ ᠲᠡᠭᠦᠰᠪᠡ᠃      ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠨᠢ ᠳᠤᠮᠳᠠᠳᠤ ᠣᠷᠣᠰ ᠮᠣᠩᠭᠤᠯ ᠤᠯᠤᠰ ᠯᠤᠭ᠎ᠠ ᠬᠥᠷᠰᠢ ᠵᠡᠷᠭᠡᠯᠡᠳᠡᠭᠡ᠂ ᠨᠥᠬᠦᠷᠰᠡᠭ  ᠶᠠᠪᠤᠯᠴᠠᠭ᠎ᠠ ᠲᠠᠢ ᠭᠠᠵᠠᠷ ᠣᠷᠣᠨ ᠤ ᠳᠤᠮᠳᠠᠳᠤ ᠭᠠᠳᠠᠭᠠᠳᠤ ᠶᠢᠨ ᠵᠠᠯᠠᠭᠤ ᠠᠵᠤ ᠠᠬᠤᠶᠢᠯᠠᠯᠲᠠᠳ᠂ ᠨᠡᠶᠢᠭᠡᠮ ᠤᠨ ᠨᠡᠷᠡᠲᠦ ᠬᠥᠮᠦᠰ ᠢ ᠤᠷᠢᠨ ᠣᠷᠣᠯᠴᠠᠭᠤᠯᠵᠠᠢ᠂ ᠭᠤᠤᠯ ᠠᠵᠢᠯᠯᠠᠭ᠎ᠠ ᠳᠤ ᠳᠤᠮᠳᠠᠳᠤ ᠣᠷᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ︵ᠮᠠᠨᠵᠤᠤᠷ︶᠎ ᠤᠨ ᠰᠣᠯᠢᠯᠴᠠᠭ᠎ᠠ ᠲᠠᠨᠢᠯᠴᠠᠭᠤᠯᠭ᠎ᠠ ᠶᠢᠨ ᠬᠤᠷᠠᠯ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠮᠠᠨᠵᠤᠤᠷ︶᠎ ᠤᠨ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠤᠨ ᠭᠤᠤᠯ ᠵᠣᠷᠢᠯᠭᠠᠲᠤ ᠶᠠᠷᠢᠶᠠᠨ ᠤ ᠲᠠᠪᠴᠠᠩ᠂ ᠬᠢᠲᠠᠳ ᠮᠣᠩᠭᠤᠯ ᠡᠮ ᠢ ᠨᠡᠭᠡᠭᠡᠨ ᠬᠥᠭᠵᠢᠭᠦᠯᠬᠦ ᠣᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ᠂ ᠮᠠᠨᠵᠤᠤᠷ ᠤᠨ ᠬᠢᠯᠢ ᠶᠢᠨ ᠲᠣᠭᠤᠷᠢᠯ ᠱᠤᠭᠤᠮ ᠢᠶᠠᠷ ᠥᠪᠡᠷᠲᠡᠭᠡᠨ ᠮᠠᠰᠢᠨ ᠵᠢᠯᠣᠭᠤᠳᠤᠨ ᠠᠶᠠᠯᠠᠬᠤ ᠡᠬᠢᠯᠡᠯᠲᠡ ᠶᠢᠨ ᠶᠣᠰᠣᠯᠠᠯ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠠᠨᠢᠯᠴᠠᠭᠤᠯᠭ᠎ᠠ ᠶᠢᠨ ᠬᠤᠷᠠᠯ ᠵᠢᠴᠢ ᠲᠥᠷᠥᠯ ᠵᠦᠢᠯ ᠳᠤ ᠭᠡᠷ᠎ᠡ ᠲᠣᠭᠲᠠᠵᠤ ᠵᠤᠯᠭᠠᠯᠳᠤᠭᠤᠯᠬᠤ᠂ ︽ᠨᠢᠭᠡ ᠪᠦᠰᠡ ᠨᠢᠭᠡ ᠵᠠᠮ︾ ᠤᠯᠠᠨ ᠤᠯᠤᠰ ᠤᠨ ᠮᠡᠷᠭᠡᠵᠢᠯ ᠢ ᠤᠯᠠᠷᠢᠭᠤᠯᠤᠨ ᠰᠢᠯᠵᠢᠭᠦᠯᠬᠦ ᠶᠠᠷᠢᠶᠠᠨ ᠤ ᠲᠠᠪᠴᠠᠩ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠤᠨ ᠠᠵᠤ ᠠᠬᠤᠶᠢᠯᠠᠯ ᠤᠨ ᠰᠣᠯᠢᠯᠴᠠᠬᠤ ᠬᠤᠷᠠᠯ᠂  ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠡᠬᠢᠯᠡᠯᠲᠡ ᠶᠢᠨ ᠶᠣᠰᠣᠯᠠᠯ᠂ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠤᠨ ᠲᠡᠭᠦᠰᠬᠦ ᠶᠤᠰᠤᠯᠠᠯ ᠵᠢᠴᠢ ᠬᠤᠶᠠᠳᠤᠭᠠᠷ ᠬᠤᠭᠤᠴᠠᠭᠠᠨ ᠤ ᠬᠤᠷᠠᠯ ᠢ ᠡᠷᠬᠢᠯᠡᠬᠦ ᠬᠤᠲᠠ ᠯᠤᠭ᠎ᠠ ᠬᠤᠷᠠᠯ ᠤᠨ ᠲᠤᠭ ᠳᠠᠯᠪᠠᠭ᠎ᠠ ᠶᠢ ᠲᠤᠰᠢᠶᠠᠬᠤ ᠶᠣᠰᠣᠯᠠᠯ ᠵᠡᠷᠭᠡ ᠠᠵᠢᠯᠯᠠᠭ᠎ᠠ ᠪᠠᠷ ᠶᠠᠪᠤᠭᠳᠠᠵᠠᠢ᠃      ᠲᠣᠰ ᠬᠤᠭᠤᠴᠠᠭᠠᠨ ᠤ ᠶᠡᠭᠡ ᠬᠤᠷᠠᠯ ᠨᠢ ︽ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ︾ ᠪᠣᠯᠤᠨ ᠬᠤᠷᠠᠯ ᠤᠨ ᠭᠤᠤᠯ ᠵᠣᠷᠢᠯᠲᠠ ᠳᠤ ᠨᠡᠶᠢᠴᠡᠭᠰᠡᠨ ᠳᠤᠮᠳᠠᠳᠤ ᠣᠷᠣᠰ ᠮᠣᠩᠭᠤᠯ ᠤᠨ ᠬᠠᠮᠵᠢᠯᠴᠠᠭᠰᠠᠨ 187 ᠲᠥᠷᠥᠯ ᠵᠦᠢᠯ ᠢ ᠴᠤᠭᠯᠠᠭᠤᠯᠵᠤ᠂ ᠬᠠᠮᠲᠤᠷᠠᠯᠴᠠᠭᠠᠨ ᠤ 13 ᠲᠥᠷᠥᠯ ᠵᠦᠢᠯ ᠳᠤ ᠰᠠᠨᠠᠮᠵᠢ ᠲᠣᠭᠲᠠᠵᠤ᠂ ᠬᠠᠮᠲᠤᠷᠠᠯᠴᠠᠭᠠᠨ ᠤ ᠵᠣᠭᠤᠰ ᠤᠨ ᠲᠤᠭ᠎ᠠ ᠨᠢ 8 ᠳ᠋ᠦᠩᠰᠢᠭᠤᠷ ᠲᠥᠭᠦᠷᠢᠭ ᠰᠢᠬᠠᠮ ᠠᠷᠠᠳ ᠤᠨ ᠵᠣᠭᠤᠰ ᠲᠤ ᠬᠥᠷᠪᠡ᠃ ᠭᠡᠷ᠎ᠡ ᠲᠣᠭᠲᠠᠭᠰᠠᠨ ᠲᠥᠷᠥᠯ ᠵᠦᠢᠯ ᠨᠢ ᠤᠯᠤᠰ ᠠᠯᠤᠰᠯᠠᠭᠰᠠᠨ ᠬᠠᠷᠢᠯᠴᠠᠨ ᠪᠡᠯᠡ ᠣᠷᠣᠭᠤᠯᠤᠯᠲᠠ᠂ ᠭᠠᠶᠢᠯᠢ ᠬᠡᠯᠲᠦᠷᠢᠭᠦᠯᠬᠦ ᠣᠷᠣᠨ ᠤ ᠬᠠᠮᠲᠤᠷᠠᠯᠴᠠᠭ᠎ᠠ᠂ ᠬᠢᠯᠢ ᠠᠯᠤᠰᠯᠠᠭᠰᠠᠨ ᠵᠢᠭᠤᠯᠴᠢᠯᠠᠯ᠂ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ᠂ ᠢᠳᠡᠭᠡᠨ ᠤ ᠡᠳ᠋ᠰᠢᠭᠦᠯᠦᠯ᠂ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡ ᠵᠡᠷᠭᠡ ᠬᠦᠷᠢᠶᠡᠨ ᠳᠤ ᠬᠤᠯᠪᠣᠭᠳᠠᠵᠠᠢ᠃      ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠠᠯᠠ ᠣᠷᠣᠭᠤᠯᠤᠯᠲᠠ ᠶᠢ ᠠᠬᠢᠭᠤᠯᠬᠤ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠣᠷᠣᠰ ᠤᠨ ᠬᠤᠯᠪᠣᠭ᠎ᠠ ᠶᠢᠨ ᠭᠠᠳᠠᠷ ᠪᠠᠶᠢᠭᠠᠯ ᠤᠨ ᠬᠢᠯᠢ ᠬᠢᠵᠠᠭᠠᠷ ᠣᠷᠣᠨ᠂ ᠣᠷᠣᠰ ᠤᠨ ᠬᠤᠯᠪᠣᠭ᠎ᠠ ᠶᠢᠨ ᠪᠥᠬᠦᠳᠡ ᠨᠠᠶᠢᠷᠠᠮᠳᠠᠬᠤ ᠪᠤᠷᠢᠶᠠᠳ ᠤᠯᠤᠰ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠬᠠᠮᠲᠤ ᠪᠠᠷ ᠭᠤᠤᠯᠯᠠᠨ ᠡᠷᠬᠢᠯᠡᠵᠦ᠂ ᠮᠠᠨᠵᠤᠤᠷ ᠬᠤᠲᠠ ᠶᠢᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠪᠡ᠃ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠢ ᠡᠭᠡᠯᠵᠢᠯᠡᠨ ᠡᠷᠬᠢᠯᠡᠬᠦ ᠬᠡᠯᠪᠡᠷᠢ ᠪᠠᠷ ᠬᠢᠵᠦ᠂ 2020 ᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠢ ᠪᠥᠬᠦᠳᠡ ᠨᠠᠶᠢᠷᠠᠮᠳᠠᠬᠤ ᠣᠷᠣᠰ ᠤᠨ ᠪᠤᠷᠢᠶᠠᠳ ᠤᠯᠤᠰ ᠲᠤ ᠡᠷᠬᠢᠯᠡᠬᠦ ᠪᠠᠷ ᠪᠣᠯᠪᠠ᠃      ᠣᠶᠢᠷ᠎ᠠ ᠶᠢᠨ ᠵᠢᠯ ᠠᠴᠠ᠂ ᠮᠠᠨᠵᠤᠤᠷ ᠬᠤᠲᠠ ᠥᠪᠡᠷᠮᠢᠴᠡ ᠣᠨᠴᠠᠯᠢᠭ ᠪᠦᠬᠦᠢ ᠳᠠᠪᠠᠭᠤᠯᠢᠭ ᠪᠣᠯᠤᠨ ᠭᠠᠵᠠᠷ ᠵᠦᠶ ᠶᠢᠨ ᠨᠥᠬᠦᠴᠡᠯ ᠢ ᠠᠰᠢᠭᠯᠠᠨ᠂ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ ᠭᠠᠵᠠᠷ ᠣᠷᠣᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ ᠪᠤᠢ᠃ ᠲᠣᠰ ᠤᠳᠠᠭᠠᠨ ᠤ ᠳᠤᠮᠳᠠᠳᠤ ᠣᠷᠣᠰ ᠮᠣᠩᠭᠤᠯ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠶᠡᠭᠡ ᠬᠤᠷᠠᠯ ᠨᠢ ᠥᠪᠥᠷ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠵᠠᠯᠠᠭᠤᠴᠤᠳ ᠤᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠭᠠᠵᠠᠷ ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢ ᠠᠬᠢᠭᠤᠯᠤᠨ᠂ ᠥᠪᠥᠷ ᠮᠣᠩᠭᠤᠯ ᠤᠨ ᠣᠷᠣᠨ ᠪᠦᠰᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠣᠶ ᠪᠣᠯᠭᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号