ᠬᠤᠷᠢᠨ ᠨᠢᠭᠡᠳᠦᠭᠡᠷ ᠤᠳᠠᠭ᠎ᠠ ᠶᠢᠨ ᠪᠦᠭᠦ ᠤᠷᠤᠨ ᠤ ᠠᠷᠠᠳ ᠤᠨ ᠶᠠᠪᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/9/18
     9 ᠰᠠᠷ᠎ᠠ ᠶᠢᠨ 17᠎ ᠤ ᠡᠳᠦᠷ᠂ ᠬᠤᠷᠢᠨ ᠨᠢᠭᠡᠳᠦᠭᠡᠷ ᠤᠳᠠᠭ᠎ᠠ ᠶᠢᠨ ᠪᠦᠭᠦ ᠤᠷᠤᠨ ᠤ ᠠᠷᠠᠳ ᠤᠨ ᠶᠠᠪᠤᠳᠠᠯ ᠤᠨ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠦᠭᠦᠯᠡᠯᠳᠡ ᠪᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠭᠢ ᠪᠦᠭᠦ ᠤᠷᠤᠨ ᠤ ᠠᠷᠠᠳ ᠤᠨ ᠶᠠᠪᠤᠳᠠᠯ ᠤᠨ ᠦᠢᠯᠡᠰ ᠤᠨ ᠦᠭᠡᠷᠡᠴᠢᠯᠡᠯᠳᠡ ᠬᠦᠭᠵᠢᠯᠳᠠ ᠳᠤ ᠤᠯᠤᠬᠰᠠᠨ ᠠᠮᠵᠢᠯᠳᠠ ᠪᠦᠲᠦᠮᠵᠢ ᠶᠢ ᠳ᠋ᠦᠡᠭᠨᠡᠨ᠂ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠶᠠᠪᠤᠳᠠᠯ ᠤᠨ ᠠᠵᠢᠯ ᠤᠨ ᠭᠤᠤᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠪᠦᠭᠦ ᠤᠷᠤᠨ ᠤ ᠠᠷᠠᠳ ᠤᠨ ᠶᠠᠪᠤᠳᠠᠯ ᠤᠨ ᠠᠵᠢᠯ ᠳᠤ ᠴᠢᠬᠤᠯᠠ ᠴᠤᠬᠤᠯᠠᠪᠤᠷᠢ ᠦᠭᠴᠠᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠦ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠪᠤᠳᠠᠳᠠᠢ ᠠᠵᠢᠯ ᠢ ᠪᠠᠶᠢᠷᠢᠯᠠᠭᠤᠯᠵᠠᠢ᠃      ᠯᠢ ᠵᠢᠢ ᠾᠸᠡᠭ ᠴᠤᠬᠤᠯᠠᠪᠤᠷᠢ ᠳᠠᠭᠠᠨ᠂ ᠤᠢᠢᠷ᠎ᠠ ᠶᠢᠨ ᠵᠢᠯ ᠠᠴᠠ ᠨᠠᠭᠠᠰᠢ ᠪᠦᠭᠦ ᠤᠷᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠨ᠂ ᠢᠳᠡᠪᠭᠢᠳᠡᠢ ᠰᠠᠨᠠᠭᠠᠴᠢᠯᠠᠭ᠎ᠠ ᠠᠴᠠ ᠪᠠᠨ ᠵᠢᠳᠭᠦᠯ ᠴᠢᠷᠮᠠᠶᠢᠯᠭ᠎ᠠ ᠭᠠᠷᠭᠠᠵᠦ᠂ ᠡᠯ᠎ᠠ ᠵᠦᠢᠯ ᠤᠨ ᠠᠵᠢᠯ ᠳᠠᠭᠠᠨ ᠰᠢᠨ᠎ᠠ ᠬᠢᠷᠢ ᠪᠦᠲᠦᠮᠵᠢ ᠤᠯᠵᠦ᠂ ᠪᠦᠭᠦ ᠤᠷᠤᠨ ᠤ ᠦᠭᠡᠷᠡᠴᠢᠯᠡᠯᠳᠡ ᠬᠦᠭᠵᠢᠯᠳᠠ ᠲᠤᠬᠳᠠᠭᠤᠨ ᠤ ᠶᠡᠭᠡ ᠲᠠᠯ᠎ᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠪᠡ᠃ ᠠᠷᠠᠳ ᠤᠨ ᠶᠠᠪᠤᠳᠠᠯ ᠤᠨ ᠠᠵᠢᠯ ᠲᠦᠢᠯ ᠤᠨ ᠴᠢᠬᠤᠯᠠ᠂ ᠡᠭᠦᠷᠭᠡ ᠨᠦᠰᠡᠷ ᠬᠦᠨᠳᠤ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠨᠢ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠤᠨ᠂ ᠠᠷᠠᠳ ᠤᠨ ᠶᠠᠪᠤᠳᠠᠯ ᠤᠨ ᠠᠵᠢᠯ ᠳᠠᠬᠢ ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠦ᠂ ᠦᠨᠳᠦᠰᠦᠨ ᠱᠠᠳᠤᠨ ᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠨᠡᠩ ᠴᠢᠬᠤᠯᠠᠴᠢᠯᠠᠨ ᠰᠠᠶᠢᠳᠤᠷ ᠠᠳᠬᠤᠵᠦ᠂ ᠠᠷᠠᠳ ᠤᠨ ᠶᠠᠪᠤᠳᠠᠯ ᠤᠨ ᠠᠵᠢᠯ ᠤᠨ ᠲᠦᠪᠰᠢᠨ ᠪᠠ ᠪᠤᠳᠠᠳᠤ ᠦᠷ᠎ᠠ ᠪᠦᠲᠦᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠡᠯ᠎ᠠ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠤᠬ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠤᠨᠴᠠᠭᠠᠢ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠦ᠂ ᠤᠯᠠᠨ ᠲᠦᠮᠡᠨ ᠤ ᠠᠩᠬᠠᠷᠣᠨ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠭᠡᠷᠡᠴᠢᠯᠡᠯᠳᠡ ᠬᠢᠵᠦ ᠰᠢᠨ᠎ᠠ ᠶᠢ ᠡᠭᠦᠳᠭᠦ ᠵᠤᠷᠢᠭ ᠰᠠᠨᠠᠭ᠎ᠠ ᠪᠠᠷ ᠦᠨᠳᠦᠰᠦᠨ ᠠᠷᠠᠳ ᠤᠨ ᠠᠮᠢᠳᠤᠷᠠᠯ ᠤᠨ ᠪᠠᠳᠤᠯᠠᠭ᠎ᠠ᠂ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠤᠯᠠᠨ ᠲᠦᠮᠡᠨ ᠳᠤ ᠠᠰᠢᠭ ᠬᠦᠷᠳᠡᠭᠡᠭᠦ ᠲᠦᠷᠦ ᠶᠢᠨ ᠪᠤᠳᠤᠯᠭ᠎ᠠ ᠶᠢ ᠦᠨᠡᠨ ᠭᠦ ᠪᠣᠳᠠᠳᠠᠢ ᠳᠤ ᠨᠠᠶᠢᠳᠠᠪᠤᠷᠢᠵᠢᠭᠤᠯᠵᠦ᠂ ᠰᠢᠨ᠎ᠠ ᠴᠠᠭ ᠦᠶ᠎ᠠ ᠶᠢᠨ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠭᠡᠵᠦ ᠵᠢᠭᠠᠵᠦ ᠭᠠᠷᠭᠠᠪᠠ᠃      ᠪᠦ᠋ ᠰᠢᠶᠤᠤ ᠯᠢᠨ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠨᠢ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠦᠭᠦᠯᠡᠯᠳᠡ ᠪᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ ᠤᠨ ᠶᠠᠪᠤᠳᠠᠯ ᠤᠨ ᠠᠵᠢᠯ ᠢ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠠ ᠳᠠᠭᠠᠨ ᠤᠷᠤᠭᠤᠯᠵᠦ᠂ ᠪᠡᠯᠡ ᠮᠦᠩᠭᠦ ᠶᠢᠨ ᠤᠷᠤᠭᠤᠯᠤᠯᠳᠠ ᠪᠠᠨ ᠨᠡᠮᠡᠭᠳᠡᠭᠦᠯᠤᠨ᠂ ᠠᠵᠢᠯ ᠤᠨ ᠨᠦᠭᠦᠴᠡᠯ ᠢ ᠰᠠᠶᠢᠵᠢᠷᠠᠭᠤᠯᠵᠦ᠂ ᠠᠷᠠᠳ ᠤᠨ ᠶᠠᠪᠤᠳᠠᠯ ᠤᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠬᠠᠯᠠᠮᠵᠢᠯᠠᠬᠤ ᠬᠡᠷᠡᠭᠳᠡᠢ᠂ ᠤᠨᠴᠠᠭᠠᠢᠢᠯᠠᠨ ᠦᠨᠳᠦᠰᠦᠨ ᠱᠠᠳᠤᠨ ᠤ ᠠᠷᠠᠳ ᠤᠨ ᠶᠠᠪᠤᠳᠠᠯ ᠤᠨ ᠠᠵᠢᠯ ᠤᠨ ᠬᠦᠴᠦᠨ ᠪᠠᠭᠤᠷᠠᠢ ᠪᠠᠶᠢᠬᠤ ᠠᠰᠠᠭᠤᠳᠠᠯ ᠢ ᠰᠢᠢᠳᠪᠤᠷᠢᠯᠡᠭᠦ ᠬᠡᠷᠡᠭᠳᠡᠢ᠃ ᠡᠯ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠠᠷᠠᠳ ᠤᠨ ᠶᠠᠪᠤᠳᠠᠯ ᠤᠨ ᠠᠵᠢᠯ ᠢ ᠶᠡᠭᠡ ᠪᠠᠷ ᠲᠠᠮᠵᠢᠵᠦ᠂ ᠠᠷᠠᠳ ᠤᠨ ᠶᠠᠪᠤᠳᠠᠯ ᠤᠨ ᠠᠵᠢᠯ ᠤᠨ ᠬᠦᠭᠵᠢᠯᠳᠠ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠤᠨ ᠦᠭᠭᠦ ᠬᠡᠷᠡᠭᠳᠡᠢ᠃ ᠡᠯ᠎ᠠ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠳᠤᠯᠠᠭ᠎ᠠ᠂ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨ ᠭᠦ ᠰᠠᠶᠢᠳᠤᠷ ᠭᠦᠢᠴᠡᠳᠭᠡᠵᠦ᠂ ᠶᠡᠭᠡ ᠬᠦᠴᠦ ᠤᠷᠤᠭᠤᠯᠤᠨ ᠤᠯᠠᠨ ᠲᠦᠮᠡᠨ ᠤ ᠬᠠᠮᠤᠭ ᠠᠴᠠ ᠰᠠᠨᠠᠭᠠᠰᠢᠷᠠᠵᠣ ᠪᠠᠶᠢᠭ᠎ᠠ᠂ ᠬᠠᠮᠤᠭ ᠠᠴᠠ ᠲᠦᠪᠡᠭᠰᠢᠶᠡᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠵᠦ᠂ ᠡᠯ᠎ᠠ ᠲᠦᠷᠦᠯ ᠤᠨ ᠤᠨᠴᠠᠭᠠᠢ ᠬᠦᠴᠢᠷᠳᠠᠯᠲᠠᠢ ᠤᠯᠠᠨ ᠲᠦᠮᠡᠨ ᠤ ᠠᠮᠢᠳᠤᠷᠠᠯ ᠠᠬᠤᠢ ᠶᠢ ᠰᠠᠶᠢᠳᠤᠷ ᠪᠠᠳᠤᠯᠠᠨ᠂ ᠤᠯᠠᠨ ᠲᠦᠮᠡᠨ ᠤ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠭᠦ ᠬᠡᠷᠡᠭᠳᠡᠢ᠃ ᠲᠦᠪ ᠤᠨ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠦ᠂ ᠪᠦᠭᠦ ᠤᠷᠤᠨ ᠤ ᠠᠷᠠᠳ ᠤᠨ ᠶᠠᠪᠤᠳᠠᠯ ᠤᠨ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠴᠦ᠂ ᠰᠢᠨ᠎ᠠ ᠴᠠᠬ ᠦᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠯᠤᠨ ᠠᠷᠠᠳ ᠤᠨ ᠶᠠᠪᠤᠳᠠᠯ ᠤᠨ ᠺᠠᠳ᠋ᠷᠴᠣᠳ ᠤᠨ ᠪᠠᠶᠢᠪᠠᠰᠦ ᠵᠤᠬᠢᠬᠤ ᠰᠢᠨ᠎ᠠ ᠵᠢᠳᠭᠦᠯ ᠴᠢᠷᠮᠠᠶᠢᠯᠭ᠎ᠠ᠂ ᠰᠢᠨ᠎ᠠ ᠬᠠᠷᠢᠭᠤᠴᠠᠯᠭ᠎ᠠ ᠡᠭᠦᠷᠭᠡᠯᠡᠯ᠂ ᠰᠢᠨ᠎ᠠ ᠳᠦᠷᠢ ᠲᠦᠷᠭᠦ ᠶᠢ ᠭᠦᠢᠴᠡᠳ ᠬᠠᠷᠡᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠲᠡᠭᠡᠷ᠎ᠠ᠂ ᠪᠦᠭᠦ ᠤᠷᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠲᠡᠷᠢᠭᠦᠨ ᠤ ᠬᠠᠮᠳᠤ ᠨᠡᠶᠢᠳᠡ ᠪᠠ ᠲᠡᠷᠢᠭᠦᠨ ᠤ ᠠᠵᠢᠯᠳᠠᠨ ᠢ ᠬᠦᠭᠢᠭᠦᠯᠦᠨ ᠰᠠᠶᠢᠰᠢᠶᠠᠵᠦ᠂ ᠬᠦᠬᠡᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠬ ᠲᠤᠷᠰᠢᠯᠭ᠎ᠠ ᠪᠠᠨ ᠳᠠᠨᠢᠯᠴᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号