ᠤᠯᠠᠭᠠᠨᠴᠠᠪ ᠬᠤᠲᠠ ᠶᠢᠨ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2019/9/20
     70 ᠵᠢᠯ ᠤᠨ ᠲᠤᠷᠰᠢ᠂ ᠤᠯᠤᠰ ᠠᠷᠠᠳ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠢᠯ ᠳᠠᠷᠠᠭᠠᠯᠠᠨ ᠳᠡᠭᠡᠭᠰᠢᠯᠡᠵᠦ᠂ ᠠᠮᠢᠳᠤᠷᠠᠯ ᠤᠨ ᠬᠢᠷᠢ ᠲᠦᠪᠰᠢᠨ ᠢᠯᠡᠳᠲᠡ ᠰᠠᠶᠢᠵᠢᠷᠠᠪᠠ᠃ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠎ ᠠᠴᠠ ᠨᠠᠭᠠᠰᠢ᠂ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠠᠮᠢᠳᠤᠷᠠᠯ ︽ᠮᠦᠷᠤ ᠪᠦᠳᠤᠨ ᠭᠡᠳᠡᠰᠣ ᠴᠡᠳᠬᠤᠯᠠᠩ︾ ᠬᠡᠯᠪᠡᠷᠢ ᠠᠴᠠ ᠠᠯᠬᠤᠮ ᠠᠯᠬᠤᠮ ᠢᠶᠠᠷ ︽ᠴᠢᠨᠡᠭᠡᠯᠢᠭ︾ ᠬᠡᠯᠪᠡᠷᠢ ᠲᠡᠰᠢ ᠰᠢᠯᠵᠢᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 1983 ᠣᠨ ᠳᠤ 377 ᠲᠥᠭᠦᠷᠢᠭ ᠪᠠᠶᠢᠭᠰᠠᠨ ᠠᠴᠠ ᠪᠠᠨ 2018 ᠣᠨ ᠳᠤ ᠨᠡᠮᠡᠭᠳᠡᠭᠡᠳ 30999 ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 13.4%᠎ ᠪᠠᠷ ᠨᠡᠮᠡᠭᠳᠡᠪᠡ︔ ᠮᠠᠯᠴᠢᠨ ᠲᠠᠷᠢᠶᠠᠴᠢᠳ ᠎ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 1983 ᠣᠨ ᠳᠤ 187 ᠲᠥᠭᠦᠷᠢᠭ ᠪᠠᠶᠢᠭᠰᠠᠨ ᠠᠴᠠ ᠪᠠᠨ 2018 ᠣᠨ ᠳᠤ ᠨᠡᠮᠡᠭᠳᠡᠭᠡᠳ 10764 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 12.3%᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠢᠷᠡᠯᠲᠡ ᠴᠦ ᠳᠠᠩ ᠴᠤᠯᠭᠤᠶ ᠪᠠᠶᠢᠭᠰᠠᠨ ᠠᠴᠠ ᠪᠠᠨ ᠣᠯᠠᠨ ᠡᠰᠢᠲᠦ ᠪᠣᠯᠵᠤ ᠬᠤᠪᠢᠷᠠᠵᠡᠢ᠃ 2018 ᠣᠨ ᠳᠤ᠂ ᠬᠤᠲᠠ ᠪᠠᠯᠭᠠᠰᠤᠨ ᠎ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠎ ᠶᠢᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ ᠲᠣᠰ ᠲᠣᠰ 60.2%᠂ 17.8%᠂ 3.3%᠂ 18.7% ᠪᠤᠯᠵᠡᠢ︔ ᠮᠠᠯᠴᠢᠨ ᠲᠠᠷᠢᠶᠠᠴᠢᠳ ᠤᠨ ᠬᠥᠮᠦᠨ ᠪᠦᠷᠢ ᠎ ᠶᠢᠨ ᠡᠵᠡᠮᠳᠡᠵᠦ ᠪᠣᠯᠬᠤ ᠳᠤᠮᠳᠠᠴᠢ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠶᠢᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ ᠲᠣᠰ ᠲᠣᠰ 20.3%᠂ 44.1%᠂ 1.8%᠂ 33.8%  ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号