ᠨᠡᠷᠡᠳᠦ ᠵᠤᠬᠢᠶᠠᠯᠴᠢ ᠪᠦᠷᠢᠨᠪᠠᠶᠠᠷ ᠤᠨ ᠵᠤᠬᠢᠶᠠᠯ ᠪᠦᠳᠦᠬᠡᠯ ᠤᠨ ᠳᠡᠬᠦᠪᠦᠷᠢ ᠶᠢ ᠳᠠᠷᠬᠠᠭᠠᠪᠠ
ᠨᠡᠶᠢᠲᠡᠯᠡᠭᠰᠡᠨ ᠴᠠᠭ᠄
2019/9/24
     9 ᠰᠠᠷ᠎ᠠ ᠶᠢᠨ 22᠎ ᠤᠨ ᠡᠳᠦᠷ᠂ ᠦᠪᠦᠷ ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶ᠎ᠠ ᠪᠤᠯᠤᠨ ᠰᠢᠨᠬᠤᠧᠠ ᠮᠤᠩᠭᠤᠯ ᠨᠧᠲ ᠠᠴᠠ ᠬᠠᠮᠳᠤᠷᠠᠨ ᠵᠤᠬᠢᠶᠠᠨ ᠪᠠᠶᠢᠭᠤᠯᠤᠭᠰᠠᠨ ︽ᠪᠦᠷᠢᠨᠪᠠᠶᠠᠷ ᠤᠨ ᠵᠤᠬᠢᠶᠠᠯ ᠪᠦᠳᠦᠬᠡᠯ ᠤᠨ ᠬᠤᠷᠢᠶᠠᠩᠭᠤᠢ︾ ᠬᠡᠮᠡᠬᠦ ᠠᠷᠪᠠᠨ ᠪᠤᠳᠢ ᠨᠤᠮ ᠤᠨ ᠶᠠᠷᠢᠯᠴᠠᠯᠭ᠎ᠠ ᠵᠢᠴᠢ ᠭᠠᠷ ᠤᠨ ᠦᠰᠦᠭ ᠵᠢᠷᠤᠵᠤ ᠳᠠᠷᠬᠠᠭᠠᠬᠤ ᠶᠤᠰᠤᠯᠠᠯ ᠦᠪᠦᠷ ᠮᠤᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠳᠦᠪ ᠲᠤ ᠪᠤᠯᠪᠠ᠃
     ᠦᠪᠦᠷ ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠸᠠᠩ ᡁᠢ ᠰᠢᠤ ᠠᠴᠠ ᠠᠵᠢᠯᠯᠠᠭ᠎ᠠ ᠶᠢ ᠬᠦᠳᠦᠯᠵᠤ ᠪᠠᠶᠢᠭ᠎ᠠ ᠨᠢ      ᠶᠤᠰᠤᠯᠠᠯ ᠤᠨ ᠦᠶ᠎ᠡ ᠪᠠᠷ᠂ ᠨᠡᠷᠡᠳᠦ ᠮᠡᠳᠡᠬᠡᠯᠡᠯ ᠤᠨ ᠤᠷᠠᠨ ᠵᠤᠬᠢᠶᠠᠯᠴᠢ ᠪᠦᠷᠢᠨᠪᠠᠶᠠᠷ ᠠᠴᠠ ᠡᠨᠡ ᠬᠦ ᠨᠤᠮ ᠤᠨ ᠢᠶᠠᠨ ᠦᠨᠳᠦᠰᠦᠨ ᠪᠠᠶᠢᠳᠠᠯ ᠪᠤᠯᠤᠨ ᠵᠤᠬᠢᠶᠠᠨ ᠪᠦᠳᠦᠬᠡᠯᠬᠡ ᠶᠢᠨ ᠵᠠᠮ ᠮᠦᠷ᠂ ᠦᠯᠢᠬᠡᠷ ᠤᠴᠠᠷᠠᠯ᠂ ᠤᠯᠤᠯᠳᠠ ᠠᠮᠵᠢᠯᠳᠠ ᠪᠠᠨ ᠤᠩᠰᠢᠭᠴᠢᠳ ᠲᠠᠢ ᠬᠤᠪᠢᠶᠠᠯᠴᠠᠪᠠ᠃ ᠦᠪᠦᠷ ᠮᠤᠩᠭᠤᠯ ᠤᠨ ᠵᠤᠬᠢᠶᠠᠯᠴᠢᠳ ᠤᠨ ᠨᠡᠶᠢᠬᠡᠮᠯᠢᠭ ᠤᠨ ᠳᠡᠳ᠋ ᠳᠡᠷᠢᠬᠦᠯᠡᠭᠴᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠵᠠᠬᠢᠷᠤᠯ ᠳᠤᠷᠤᠨᠠᠲ᠋ᠡᠭᠷᠢ ᠠᠴᠠ ᠪᠦᠷᠢᠨᠪᠠᠶᠠᠷ ᠤᠨ ᠵᠤᠬᠢᠶᠠᠯ ᠪᠦᠳᠦᠬᠡᠯ ᠤᠨ ᠠᠴᠢ ᠬᠤᠯᠪᠤᠭᠳᠠᠯ᠂ ᠮᠤᠩᠭᠤᠯ ᠤᠷᠠᠨ ᠵᠤᠬᠢᠶᠠᠯ ᠤᠨ ᠳᠡᠤᠬᠡᠨ ᠳᠤ ᠦᠵᠡᠬᠦᠯᠦᠭᠰᠡᠨ ᠭᠠᠪᠢᠶ᠎ᠠ ᠵᠢᠳᠬᠦᠯ ᠤᠨ ᠳᠠᠯ᠎ᠠ ᠪᠠᠷ ᠦᠨᠡᠯᠡᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠳᠡᠳ᠋ ᠵᠠᠬᠢᠷᠤᠯ ᠡᠷᠳᠡᠨᠢᠬᠠᠳᠠ ᠠᠴᠠ ᠨᠤᠮ ᠳᠤ ᠰᠤᠩᠭᠤᠭᠳᠠᠭᠰᠠᠨ ᠴᠢᠬᠤᠯᠠ ᠪᠦᠳᠦᠬᠡᠯ ᠤᠳ ᠤᠨ ᠨᠦᠯᠦᠬᠡ ᠳᠤᠰᠬᠠᠯ᠂ ᠮᠦᠨ ᠪᠦᠷᠢᠨᠪᠠᠶᠠᠷ ᠭᠤᠧᠠᠢ ᠶᠢᠨ ᠮᠤᠩᠭᠤᠯ ᠦᠨᠳᠦᠰᠦᠳᠡᠨ ᠤ ᠮᠡᠳᠡᠬᠡᠯᠡᠯ ᠤᠨ ᠤᠷᠠᠨ ᠵᠤᠬᠢᠶᠠᠯ ᠤᠨ ᠨᠢᠬᠡᠨ ᠦᠶ᠎ᠡ ᠶᠢᠨ ᠭᠠᠶᠢᠬᠠᠮᠰᠢᠭ ᠢ ᠡᠬᠦᠳᠦᠭᠰᠡᠨ ᠵᠢᠴᠢ ᠵᠠᠯᠠᠭᠤ ᠨᠢᠬᠡ ᠦᠶ᠎ᠡ ᠶᠢᠨ ᠮᠡᠳᠡᠬᠡᠯᠡᠯ ᠤᠨ ᠤᠷᠠᠨ ᠵᠤᠬᠢᠶᠠᠯᠴᠢᠳ ᠤᠨ ᠡᠩᠨᠡᠭᠡ ᠶᠢ ᠪᠠᠶᠢᠭᠤᠯᠤᠭᠰᠠᠨ ᠳᠤᠬᠠᠢ ᠨᠠᠷᠢᠨ ᠳᠠᠨᠢᠯᠴᠠᠭᠤᠯᠵᠠᠢ᠃
    ᠥᠪᠥᠷ ᠮᠤᠩᠭᠤᠯ ᠤᠨ ᠵᠤᠬᠢᠶᠠᠯᠴᠢᠳ ᠤᠨ ᠨᠡᠶᠢᠬᠡᠮᠯᠢᠭ ᠤᠨ ᠳᠡᠳ᠋ ᠳᠡᠷᠢᠬᠦᠯᠡᠭᠴᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠵᠠᠬᠢᠷᠤᠯ ᠳᠤᠷᠤᠨᠠᠲ᠋ᠡᠭᠷᠢ ᠠᠴᠠ ᠳᠡᠬᠦᠪᠦᠷᠢ ᠳᠤ ᠦᠨᠡᠯᠡᠯᠳᠡ ᠦᠭᠴᠤ ᠪᠠᠶᠢᠭ᠎ᠠ ᠨᠢ      ︽ᠪᠦᠷᠢᠨᠪᠠᠶᠠᠷ ᠤᠨ ᠵᠤᠬᠢᠶᠠᠯ ᠪᠦᠳᠦᠬᠡᠯ ᠤᠨ ᠬᠤᠷᠢᠶᠠᠩᠭᠤᠢ︾ ᠨᠤᠮ ᠨᠢ ︽ᠨᠢᠩᠵᠢᠨ ᠰᠡᠳᠬᠢᠯ︾᠂ ︽ᠦᠢᠯᠡᠰ ᠤᠨ ᠳᠤᠤᠯᠢ︾᠂ ︽ᠦᠵᠦᠬᠦᠷ ᠰᠡᠳᠬᠢᠯ ᠤᠨ ᠳᠡᠮᠡᠤᠯᠡᠯ︾᠂ ︽ᠬᠤᠷᠴᠢᠨ ᠤ ᠠᠯᠳᠠᠷᠳᠤ ᠬᠦᠮᠦᠰ︾᠂ ︽ᠨᠠᠷᠠ ᠡᠷᠬᠦᠭᠰᠡᠨ ᠨᠤᠳᠤᠭ︾᠂ ︽ᠴᠢᠨᠳᠠᠮᠤᠨᠢ ᠬᠡᠯᠬᠢᠶ᠎ᠡ︾ ︵ᠳᠡᠬᠡᠳᠦ᠂ ᠳᠤᠤᠷᠠᠳᠤ︶᠂ ︽ᠪᠢᠯᠢᠭ ᠬᠤᠷᠠᠬᠤᠢ︾᠂ ︽ᠮᠤᠤᠠᠤᠰᠤ ᠶᠢᠨ ᠨᠤᠮᠢᠨ ᠨᠤᠭᠤᠭᠠᠨ ᠳᠤᠤᠯᠢᠰ︾᠂ ︽ᠡᠷᠳᠡᠨᠢ ᠶᠢᠨ ᠤᠯᠠ ᠮᠦᠷ︾ ᠵᠡᠷᠬᠡ ᠠᠷᠪᠠᠨ ᠪᠤᠳᠢ ᠪᠠᠷ ᠪᠦᠷᠢᠯᠳᠦᠵᠤ᠂ ᠠᠯᠳᠠᠷᠳᠤ ᠵᠤᠬᠢᠶᠠᠯᠴᠢ ᠪᠦᠷᠢᠨᠪᠠᠶᠠᠷ ᠤᠨ ᠶᠡᠷᠦ ᠶᠢᠨ ᠬᠦᠮᠦᠨ ᠤ ᠶᠡᠷᠦ ᠪᠤᠰᠤ ᠶᠢᠨ ᠦᠢᠯᠡ ᠶᠠᠪᠤᠳᠠᠯ ᠢ ᠬᠦᠤᠷᠨᠢᠨ ᠳᠡᠮᠳᠡᠭᠯᠡᠭᠰᠡᠨ᠂ ᠨᠠᠷᠢᠨ ᠦᠢᠯᠡᠰ ᠨᠢᠳᠦᠨ ᠳᠤ ᠦᠵᠡᠭᠳᠡᠵᠤ ᠭᠠᠷ ᠲᠤ ᠪᠠᠷᠢᠭᠳᠠᠮ᠎ᠠ᠂ ᠵᠠᠩ ᠠᠭᠠᠯᠢ ᠶᠢ ᠦᠩᠬᠡ ᠭᠠᠯᠪᠢᠷ ᠲᠠᠢ ᠳᠤᠳᠤᠷᠠᠭᠤᠯᠤᠨ ᠦᠯᠢᠬᠡᠷ ᠤᠴᠢᠷ ᠢ ᠰᠡᠳᠬᠢᠯ ᠳᠤ ᠬᠠᠳᠠᠩᠰᠢᠭᠤᠯᠤᠮ᠎ᠠ ᠳᠤᠭᠤᠷᠪᠢᠭᠰᠠᠨ ᠤᠯᠠᠨ ᠰᠠᠶᠢᠬᠠᠨ ᠪᠦᠳᠦᠬᠡᠯ ᠤᠳ ᠢ ᠬᠠᠮᠤᠷᠴᠠᠢ᠃
     ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠦ ᠰᠤᠷᠭᠠᠭᠤᠯᠢ ᠶᠢᠨ ᠳᠡᠳ᠋ ᠵᠠᠬᠢᠷᠤᠯ ᠡᠷᠳᠡᠨᠢᠬᠠᠳᠠ ᠠᠴᠠ ᠨᠤᠮ ᠳᠤ ᠰᠤᠩᠭᠤᠭᠳᠠᠭᠰᠠᠨ ᠴᠢᠬᠤᠯᠠ ᠪᠦᠳᠦᠬᠡᠯ ᠤᠳ ᠤᠨ ᠨᠦᠯᠦᠬᠡ ᠳᠤᠰᠬᠠᠯ ᠤᠨ ᠳᠠᠯ᠎ᠠ ᠪᠠᠷ ᠳᠠᠨᠢᠯᠴᠠᠭᠤᠯᠵᠤ ᠪᠠᠶᠢᠭ᠎ᠠ ᠨᠢ      ᠨᠡᠷᠡᠳᠦ ᠵᠤᠬᠢᠶᠠᠯᠴᠢ ᠪᠦᠷᠢᠨᠪᠠᠶᠠᠷ ᠭᠤᠧᠠᠢ ᠪᠤᠯ ᠦᠪᠦᠷ ᠮᠤᠩᠭᠤᠯ ᠤᠨ ᠵᠠᠷᠤᠳ ᠬᠤᠰᠢᠭᠤᠨ ᠤ ᠤᠤᠭᠠᠯ᠂ ᠤᠯᠤᠰ ᠤᠨ ᠨᠢᠬᠡᠳᠦᠬᠡᠷ ᠳᠡᠰ ᠤᠨ ᠵᠤᠬᠢᠶᠠᠯᠴᠢ᠂ ᠪᠦᠬᠦ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠤᠳᠬ᠎ᠠ ᠵᠤᠬᠢᠶᠠᠯ ᠤᠨ ︽ᠠᠵᠢᠨᠠᠢ ᠬᠦᠯᠦᠭ︾ ᠱᠠᠩᠨᠠᠯ ᠰᠢᠯᠭᠠᠷᠠᠭᠤᠯᠬᠤ ᠺᠤᠮᠢᠰ ᠤᠨ ᠬᠡᠰᠢᠬᠦᠨ᠂ ᠪᠦᠬᠦ ᠤᠯᠤᠰ ᠤᠨ ︽ᠯᠤ᠋ ᠰᠢᠶᠦ᠋ᠨ︾ ᠤᠳᠬ᠎ᠠ ᠵᠤᠬᠢᠶᠠᠯ ᠤᠨ ᠱᠠᠩᠨᠠᠯ ᠰᠢᠯᠭᠠᠷᠠᠭᠤᠯᠬᠤ ᠺᠤᠮᠢᠰ ᠤᠨ ᠬᠡᠰᠢᠬᠦᠨ᠂ ᠪᠦᠬᠦ ᠤᠯᠤᠰ ᠤᠨ ︽ᠳᠤᠷᠤᠨ᠎ᠠ︾ ᠤᠳᠬ᠎ᠠ ᠵᠤᠬᠢᠶᠠᠯ ᠤᠨ ᠱᠠᠩᠨᠠᠯ ᠰᠢᠯᠭᠠᠷᠠᠭᠤᠯᠬᠤ ᠺᠤᠮᠢᠰ ᠤᠨ ᠬᠡᠰᠢᠬᠦᠨ ᠪᠦᠬᠡᠳ ᠠᠯᠪᠠᠨ ᠬᠡᠷ ᠤᠨ ᠳᠡᠳ᠋ ᠡᠷᠬᠢᠯᠡᠭᠴᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠰᠤᠯᠤᠩᠭ᠎ᠠ︾ ᠤᠳᠬ᠎ᠠ ᠵᠤᠬᠢᠶᠠᠯ ᠤᠨ ᠱᠠᠩᠨᠠᠯ ᠰᠢᠯᠭᠠᠷᠠᠭᠤᠯᠬᠤ ᠺᠤᠮᠢᠰ ᠤᠨ ᠬᠡᠰᠢᠬᠦᠨ᠃ ᠳᠡᠷᠡᠪᠡᠷ ᠦᠪᠦᠷ ᠮᠤᠩᠭᠤᠯ ᠤᠨ ᠵᠤᠬᠢᠶᠠᠯᠴᠢᠳ ᠤᠨ ᠨᠡᠶᠢᠬᠡᠮᠯᠢᠭ ᠤᠨ ᠪᠠᠶᠢᠩᠭᠤ ᠶᠢᠨ ᠳᠡᠳ᠋ ᠳᠡᠷᠢᠬᠦᠯᠡᠭᠴᠢ᠂ ︽ᠵᠢᠷᠢᠮ ᠤᠨ ᠤᠷᠠᠨ ᠵᠤᠬᠢᠶᠠᠯ︾ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ᠂ ᠳᠤᠮᠳᠠᠳᠤ ᠤᠯᠤᠰ ᠤᠨ ᠮᠡᠳᠡᠬᠡᠯᠡᠯ ᠤᠨ ᠤᠷᠠᠨ ᠵᠤᠬᠢᠶᠠᠯ ᠤᠨ ᠨᠡᠶᠢᠬᠡᠮᠯᠢᠭ ᠤᠨ ᠬᠡᠷᠡᠭ ᠡᠷᠬᠢᠯᠡᠭᠴᠢ ᠵᠡᠷᠬᠡ ᠤᠯᠠᠨ ᠡᠬᠦᠷᠬᠡ ᠳᠤᠰᠢᠶᠠᠯ ᠬᠠᠷᠢᠭᠤᠴᠠᠵᠤ ᠶᠠᠪᠤᠵᠠᠢ᠃ 1972 ᠤᠨ ᠳᠤ ᠤᠤᠭᠠᠨ ᠪᠦᠳᠦᠬᠡᠯ ︽ᠳᠡᠤᠬᠡ ᠶᠢ ᠡᠬᠦᠳᠦᠨ ᠪᠦᠳᠦᠬᠡᠭᠴᠢ ᠬᠦᠳᠡᠯᠮᠦᠷᠢᠴᠢᠳ︾᠎ ᠢᠶᠠᠨ ︽ᠵᠢᠷᠢᠮ ᠤᠨ ᠰᠤᠨᠢᠨ︾᠎ ᠳᠤ ᠠᠩᠬ᠎ᠠ ᠨᠡᠶᠢᠳᠡᠯᠡᠬᠦᠯᠦᠭᠰᠡᠨ ᠠᠴᠠ ᠨᠠᠰᠢ ᠳᠤᠭ᠎ᠠ ᠳᠤᠮᠰᠢ ᠦᠬᠡᠢ ᠤᠯᠠᠨ ᠪᠦᠳᠦᠬᠡᠯ ᠳᠤᠭᠤᠷᠪᠢᠨ ᠤᠯᠤᠰ ᠤᠨ ᠳᠤᠳᠤᠭᠠᠳᠤ ᠭᠠᠳᠠᠭᠠᠳᠤ ᠶᠢᠨ ᠰᠤᠨᠢᠨ ᠰᠡᠳᠬᠦᠯ ᠤᠳ ᠢᠶᠠᠷ ᠨᠡᠶᠢᠳᠡᠯᠡᠬᠦᠯᠵᠤ᠂ ᠪᠦᠬᠦ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠤᠳᠬ᠎ᠠ ᠵᠤᠬᠢᠶᠠᠯ ᠤᠨ ︽ᠠᠵᠢᠨᠠᠢ ᠬᠦᠯᠦᠭ︾ ᠱᠠᠩᠨᠠᠯ᠂ ᠪᠦᠬᠦ ᠤᠯᠤᠰ ᠤᠨ ︽ᠳᠠᠪᠦ‍ ᠨᠢᠬᠡ ᠶᠢᠨ ᠢᠨᠵᠧᠨᠧᠷᠢᠩ︾᠎ ᠤᠨ ᠱᠠᠩᠨᠠᠯ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠰᠤᠯᠤᠩᠭ᠎ᠠ︾ ᠱᠠᠩᠨᠠᠯ ᠵᠡᠷᠬᠡ ᠪᠠᠷ ᠤᠯᠠᠨᠳᠠ ᠮᠢᠯᠢᠶᠠᠯᠭᠠᠵᠤ ᠶᠠᠪᠤᠵᠠᠢ᠃
     ᠪᠦᠷᠢᠨᠪᠠᠶᠠᠷ ᠭᠤᠧᠠᠢ ᠳᠤᠬᠠᠢ ᠶᠢᠨ ᠳᠠᠯᠠᠪᠤᠷ ᠲᠤ ᠭᠠᠷ ᠤᠨ ᠦᠰᠦᠭ ᠵᠢᠷᠤᠵᠤ ᠨᠤᠮ ᠢᠶᠠᠨ ᠳᠠᠷᠬᠠᠭᠠᠵᠤ ᠪᠠᠶᠢᠭ᠎ᠠ ᠨᠢ
     ᠠᠵᠢᠯᠯᠠᠭᠠᠨ ᠤ ᠳᠠᠯᠠᠪᠤᠷ
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号