ᠲᠦᠩᠯᠢᠶᠣᠤ ᠬᠤᠲᠠ ︽ᠳᠤᠮᠳᠠᠳᠤ ᠤᠯᠤᠰ ᠤᠨ ᠬᠠᠮᠤᠭ ᠤᠨ ᠭᠤᠶᠤ ᠰᠣᠶᠣᠯ ᠵᠢᠭᠤᠯᠴᠢᠯᠠᠯ ᠤᠨ ᠬᠤᠲᠠ︾ ᠭᠡᠬᠦ ᠢᠷᠠᠭᠤ ᠠᠯᠳᠠᠷ ᠤᠨ ᠴᠣᠯᠠ ᠬᠦᠷᠲᠡᠪᠡ
ᠨᠡᠶᠢᠲᠡᠯᠡᠭᠰᠡᠨ ᠴᠠᠭ᠄
2019/9/24
     9 ᠳ᠋ᠦ᠋ᠭᠡᠷ ᠰᠠᠷ᠎ᠠ ᠶᠢᠨ 20᠎ ᠤ ᠡᠳᠦᠷ᠂ 2019 ᠣᠨ ᠤ ᠰᠣᠶᠣᠯ ᠵᠢᠭᠤᠯᠴᠢᠯᠠᠯ ᠤᠨ ᠠᠭᠤᠰᠤᠯᠳᠤᠨ ᠬᠥᠭᠵᠢᠬᠦ ᠶᠡᠭᠡ ᠬᠤᠷᠠᠯ ᠲᠢᠶᠠᠨᠵᠢᠨ ᠳᠤ ᠶᠠᠪᠤᠭᠳᠠᠵᠤ᠂ ᠲᠦᠩᠯᠢᠶᠣᠤ ᠬᠤᠲᠠ ︽ᠳᠤᠮᠳᠠᠳᠤ ᠤᠯᠤᠰ ᠤᠨ ᠬᠠᠮᠤᠭ ᠤᠨ ᠭᠤᠶᠤ ᠰᠣᠶᠣᠯ ᠵᠢᠭᠤᠯᠴᠢᠯᠠᠯ ᠤᠨ ᠬᠤᠲᠠ︾ ᠭᠡᠬᠦ ᠢᠷᠠᠭᠤ ᠠᠯᠳᠠᠷ ᠤᠨ ᠴᠣᠯᠠ ᠬᠦᠷᠲᠡᠪᠡ᠃ ᠪᠦᠬᠦ ᠤᠯᠤᠰ ᠤᠨ 50 ᠭᠠᠷᠤᠶ ᠵᠢᠭᠤᠯᠴᠢᠯᠠᠯ ᠤᠨ ᠬᠤᠲᠠ ᠶᠢᠨ ᠲᠥᠯᠥᠭᠡᠯᠡᠭᠴᠢ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃      ᠲᠣᠰ ᠤᠳᠠᠭᠠᠨ ᠤ ᠶᠡᠭᠡ ᠬᠤᠷᠠᠯ ᠢ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠵᠢᠭᠤᠯᠴᠢᠯᠠᠯ ᠤᠨ ᠦᠵᠡᠮᠵᠢ ︵ᠪᠡᠭᠡᠵᠢᠩ︶᠎ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠠᠮᠲᠤᠷᠠᠨ ᠡᠷᠬᠢᠯᠡᠵᠦ᠂ ︽ᠵᠢᠭᠤᠯᠴᠢᠯᠠᠯ ᠤᠨ ᠭᠤᠸ᠎ᠠ ᠰᠠᠶᠢᠬᠠᠨ ᠨᠢ ᠴᠢᠨᠠᠷ ᠴᠢᠨᠰᠠᠭ᠎ᠠ ᠳᠤ ᠪᠠᠶᠢᠮᠤᠢ︾ ᠬᠡᠮᠡᠬᠦ ᠪᠠᠷ ᠰᠡᠳᠦᠪ ᠪᠣᠯᠭᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠳᠤᠮᠳᠠᠳᠤ ᠤᠯᠤᠰ ᠤᠨ ᠦᠯᠢᠭᠡᠷ ᠢ ᠶᠠᠷᠢᠵᠤ᠂ ᠳᠤᠮᠳᠠᠳᠤ ᠤᠯᠤᠰ ᠤᠨ ᠳᠠᠭᠤᠨ ᠢ ᠤᠯᠠᠮᠵᠢᠯᠠᠨ᠂ ᠨᠢᠭᠡ ᠪᠦᠯᠦᠭ ᠴᠢᠨᠠᠷ ᠰᠠᠶᠢᠲᠠᠶ ᠵᠢᠭᠤᠯᠴᠢᠯᠠᠯ ᠤᠨ ᠬᠤᠲᠠ᠂ ᠦᠵᠡᠮᠵᠢ ᠶᠢᠨ ᠣᠷᠣᠨ᠂ ᠠᠵᠤ ᠠᠬᠤᠶᠢᠯᠠᠯ ᠵᠡᠷᠭᠡ ᠶᠢ ᠲᠠᠨᠢᠯᠴᠠᠭᠤᠯᠬᠤ ᠪᠠᠷ ᠳᠠᠮᠵᠢᠭᠤᠯᠤᠨ᠂ ᠣᠯᠠᠨ ᠤᠯᠤᠰ ᠤᠨ ᠵᠢᠭᠤᠯᠴᠢᠯᠠᠯ ᠤᠨ ᠨᠡᠷᠡᠶᠢᠳᠬᠦᠨ ᠢ ᠲᠠᠰᠤᠷᠠᠯᠲᠠ ᠥᠬᠡᠶ ᠲᠦᠷᠭᠡᠪᠴᠢᠯᠡᠨ ᠱᠤᠭᠤᠵᠤ᠂ ᠠᠵᠢᠯ ᠲᠥᠷᠥᠯ ᠤᠨ ᠦᠯᠢᠭᠡᠷ ᠳᠠᠭᠤᠷᠢᠶᠠᠯ ᠢ ᠪᠣᠶ ᠪᠣᠯᠭᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠪᠥᠬᠦ ᠲᠠᠯ᠎ᠠ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠣᠶᠢᠯᠠᠭᠠᠭᠰᠠᠨ ᠢᠶᠠᠷ᠂ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠲᠤ ᠬᠤᠷᠠᠯ ᠨᠢ 1967 ᠣᠨ ᠳᠤ ᠹᠷᠠᠨᠼᠢ ᠶᠢᠨ ᠳ᠋ᠧᠭᠤᠯ ᠵᠠᠩᠵᠤᠨ ᠰᠢᠮᠳᠠᠭᠤᠯᠤᠨ ᠪᠠᠶᠢᠭᠤᠯᠵᠤ᠂ ᠶᠡᠷᠦᠩᠬᠡᠶ ᠵᠠᠬᠢᠷᠭ᠎ᠠ ᠶᠢ ᠨᠢ ᠫᠠᠷᠢᠰ ᠲᠤ ᠪᠠᠶᠢᠭᠤᠯᠤᠨ᠂ ᠧᠦ᠋ᠷᠣᠫᠠ ᠲᠢᠪ᠂ ᠠᠮᠧᠷᠢᠺᠠ ᠲᠢᠪ᠂ ᠠᠽᠢᠶ᠎ᠠ ᠲᠢᠪ ᠵᠡᠷᠭᠡ ᠭᠠᠵᠠᠷ ᠤᠨ 32 ᠤᠯᠤᠰ ᠲᠤ ᠰᠠᠯᠪᠤᠷᠢ ᠪᠠ ᠬᠡᠷᠡᠭ ᠡᠷᠬᠢᠯᠡᠬᠦ ᠭᠠᠵᠠᠷ ᠭᠠᠷᠭᠠᠵᠠᠶ᠂ ᠲᠡᠭᠦᠨ ᠤ ᠱᠠᠩᠨᠠᠯ ᠣᠯᠭᠤᠬᠤ ᠠᠵᠢᠯᠯᠠᠭ᠎ᠠ ᠨᠢ ᠣᠯᠠᠨ ᠤᠯᠤᠰ ᠲᠤ ᠡᠷᠬᠡ ᠰᠦᠷᠲᠦ ᠨᠥᠯᠥᠭᠡᠯᠡᠬᠦ ᠬᠦᠴᠦᠨ ᠲᠠᠢ ᠶᠤᠮ᠃      ᠣᠶᠢᠷ᠎ᠠ ᠶᠢᠨ ᠵᠢᠯ ᠤᠨ ᠲᠤᠷᠰᠢ᠂ ᠲᠦᠩᠯᠢᠶᠣᠤ ᠬᠤᠲᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠪᠣᠭᠠᠨ ᠳᠡᠭᠡᠷᠡᠬᠢ ᠠᠭᠤᠯᠵᠠᠯᠲᠠ ᠶᠢᠨ ᠣᠷᠣᠨ — ᠲᠦᠩᠯᠢᠶᠣᠤ︾᠎ ᠶᠢ ᠬᠠᠩᠬᠢᠨᠠᠭᠤᠯᠤᠨ ᠴᠣᠣᠷᠢᠶᠠᠳᠤᠭᠤᠯᠬᠤ ᠪᠠᠷ ᠶᠡᠷᠦᠩᠬᠡᠶ ᠬᠠᠷᠠᠯᠲᠠ ᠪᠠᠨ ᠪᠣᠯᠭᠠᠵᠤ᠂ ᠰᠣᠶᠣᠯ ᠵᠢᠭᠤᠯᠴᠢᠯᠠᠯ ᠤᠨ ᠣᠨᠣᠯᠵᠢᠬᠤᠨ ᠢ ᠲᠠᠰᠤᠷᠠᠯᠲᠠ ᠥᠬᠡᠶ ᠠᠭᠤᠳᠠᠯᠵᠤ᠂ ᠡᠬᠢ ᠪᠠᠶᠠᠯᠢᠭ ᠢ ᠨᠢᠭᠡᠳᠬᠡᠬᠦ ᠡᠷᠴᠢᠮ ᠢᠶᠠᠨ ᠴᠢᠩᠭᠠᠷᠠᠭᠤᠯᠤᠨ᠂ ᠵᠢᠭᠤᠯᠴᠢᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠪᠣᠯᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠲᠦᠩᠯᠢᠶᠣᠤ ᠶᠢᠨ ᠵᠢᠭᠤᠯᠴᠢᠯᠠᠯ ᠤᠨ ᠠᠯᠳᠠᠷᠰᠢᠯ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠲᠦᠩᠯᠢᠶᠣᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠰᠠᠭᠤᠷᠢ ᠪᠡᠯᠡᠳᠬᠡᠮᠵᠢ ᠪᠦᠷᠢᠨ ᠲᠡᠭᠦᠯᠳᠡᠷ᠂ ᠰᠣᠶᠣᠯ ᠲᠡᠤᠬᠡ ᠥᠨᠢ ᠤᠳᠠᠭᠠᠨ᠂ ᠠᠮᠢ ᠠᠬᠤᠢ ᠶᠢᠨ ᠣᠷᠴᠢᠨ ᠲᠣᠭᠤᠷᠢᠨ ᠣᠯᠠᠨ ᠶᠠᠩᠵᠤ ᠶᠢᠨ ᠪᠠᠶᠢᠵᠤ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠲᠠᠰᠤᠷᠠᠯᠲᠠ ᠦᠭᠡᠢ ᠳᠡᠭᠡᠭᠰᠢᠯᠡᠵᠦ᠂ ᠤᠷᠢᠳ ᠬᠤᠵᠢᠳ ︽ᠳᠤᠮᠳᠠᠳᠤ ᠤᠯᠤᠰ ᠤᠨ ᠮᠣᠩᠭᠤᠯ ᠬᠤᠭᠤᠯᠠ ᠶᠢᠨ ᠲᠥᠪ︾᠂ ︽ᠪᠦᠬᠦ ᠤᠯᠤᠰ ᠤᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠬᠠᠷᠠᠯᠲᠠᠲᠤ ᠣᠷᠣᠨ ᠤ ᠲᠤᠷᠰᠢᠯᠲᠠ ᠶᠢᠨ ᠬᠤᠲᠠ︾᠂ ︽ᠦᠨᠳᠦᠰᠦᠲᠡᠨ ᠤ ᠵᠠᠩ ᠦᠢᠯᠡ ᠶᠢᠨ ᠵᠢᠭᠤᠯᠴᠢᠯᠠᠯ ᠤᠨ ᠠᠩᠬ᠎ᠠ ᠪᠦᠯᠦᠭ ᠤᠨ ᠬᠠᠷᠠᠯᠲᠠᠲᠤ ᠭᠠᠵᠠᠷ︾᠂ ︽ᠳᠤᠮᠳᠠᠳᠤ ᠤᠯᠤᠰ ᠤᠨ ᠣᠨᠴᠠᠯᠢᠭ ᠲᠠᠢ ᠦᠵᠡᠮᠵᠢᠲᠦ ᠬᠤᠲᠠ ᠶᠢᠨ 200 ᠬᠦᠴᠦᠷᠬᠡᠭ︾᠂ ︽2019 ᠳᠤᠮᠳᠠᠳᠤ ᠤᠯᠤᠰ ᠤᠨ ᠰᠠᠭᠤᠷᠢᠰᠢᠬᠤ ᠳᠤ ᠲᠣᠬᠢᠷᠠᠮᠵᠢᠲᠠᠶ ᠬᠦᠬᠡᠮᠳᠦᠭ ᠨᠣᠭᠤᠭᠠᠨ ᠵᠢᠭᠤᠯᠴᠢᠯᠠᠯ ᠤᠨ ᠬᠤᠲᠠ︾᠂ ︽2019 ᠳᠤᠮᠳᠠᠳᠤ ᠤᠯᠤᠰ ᠤᠨ ᠣᠨᠴᠠᠯᠢᠭ ᠲᠠᠢ ᠨᠤᠲᠤᠭ ᠪᠡᠯᠴᠢᠭᠡᠷ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠬᠠᠷᠠᠯᠲᠠᠲᠤ ᠭᠠᠵᠠᠷ︾᠂ ︽2019 ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠤ ᠵᠢᠱᠢᠶᠡᠴᠢ ᠬᠤᠲᠠ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠭᠰᠡᠨ ᠪᠠᠶᠢᠨ᠎ᠠ᠃ ︽ᠬᠤᠷᠴᠢᠨ ᠤ 500 ᠺᠢᠯᠣᠮᠧᠲᠷ ᠤᠨ ᠦᠵᠡᠮᠵᠢ ᠶᠢᠨ ᠵᠠᠮ︾᠎ ᠨᠢ ︽ᠪᠥᠬᠦ ᠤᠯᠤᠰ ᠤᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠬᠠᠮᠤᠭ ᠠᠴᠠ ᠬᠦᠷᠢᠶᠡᠯᠡᠯ ᠲᠠᠢ 10 ᠶᠡᠭᠡ ᠱᠤᠭᠤᠮ︾᠎ ᠤᠨ ᠢᠷᠠᠭᠤ ᠠᠯᠳᠠᠷ ᠤᠨ ᠴᠣᠯᠠ ᠶᠢ ᠬᠦᠷᠲᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号