ᠰᠢᠯᠢ ᠶᠢᠨ ᠭᠤᠣᠯ ᠠᠶᠢᠮᠠᠭ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠠᠷᠠᠯᠵᠢᠶ᠎ᠠ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽︿ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠶᠯᠡᠴᠢᠯᠡᠭᠡ﹀ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︿ᠨᠢᠭᠡ ᠰᠦᠯᠵᠢᠶ᠎ᠡ᠂ | ᠨᠢᠭᠡ ᠡᠭᠦᠳᠡ᠂ ᠨᠢᠭᠡ ᠯᠡ ᠤᠳᠠᠭ᠎ᠠ﹀ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ | ᠠᠬᠢᠭᠤᠯᠬᠤ ᠬᠡᠷᠡᠭᠵᠢᠭᠦᠯᠦᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠲᠤᠰᠬᠠᠶ ᠪᠣᠯᠪᠠᠰᠤᠷᠠᠭᠤᠯᠤᠯ ᠢᠶᠠᠷ ᠠᠬᠢᠭᠤᠯᠬᠤ᠂ ᠬᠤᠷᠠᠯ ᠢᠶᠠᠷ ᠪᠠᠶᠢᠷᠢᠯᠠᠭᠤᠯᠬᠤ᠂ | ᠲᠥᠪᠯᠡᠷᠡᠭᠦᠯᠦᠨ ᠠᠵᠢᠯᠯᠠᠬᠤ᠂ ᠨᠢᠭᠡ ᠨᠢᠭᠡ ᠪᠠᠷ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠵᠠᠰᠠᠭ ᠤᠨ | ᠶᠠᠪᠤᠳᠠᠯ ᠤᠨ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ | ᠠᠵᠤ ᠠᠬᠤᠶᠢᠯᠠᠯ᠂ ᠥᠷᠭᠡᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠳᠥᠭᠦᠮ ᠦᠵᠡᠭᠦᠯᠬᠦ ᠪᠠ | ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠳᠤ ᠪᠠᠲᠤ ᠪᠠᠬᠢ ᠰᠠᠭᠤᠷᠢ ᠶᠢ ᠲᠠᠯᠪᠢᠪᠠ᠃ 5 ᠳ᠋ᠤᠭᠠᠷ ᠰᠠᠷ᠎ᠠ | ᠠᠴᠠ ᠨᠠᠭᠠᠰᠢ᠂ ᠪᠥᠬᠦ ᠠᠶᠢᠮᠠᠭ ᠨᠡᠶᠢᠲᠡ 3 ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂ 3 ᠤᠳᠠᠭ᠎ᠠ | ᠲᠥᠪᠯᠡᠷᠡᠭᠦᠯᠦᠨ ᠠᠯᠪᠠᠯᠠᠵᠤ᠂ 1320 ᠭᠠᠷᠤᠶ ᠬᠥᠮᠦᠨ ᠤᠳᠠᠭ᠎ᠠ ᠲᠥᠪᠯᠡᠷᠡᠭᠦᠯᠦᠨ ᠠᠯᠪᠠᠯᠠᠬᠤ ᠳᠤ ᠣᠷᠣᠯᠴᠠᠨ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠲᠠᠨᠢᠵᠤ ᠠᠪᠬᠤ᠂ ᠪᠢᠴᠢᠵᠦ ᠣᠷᠣᠭᠤᠯᠬᠤ᠂ ᠨᠠᠶᠢᠷᠠᠭᠤᠯᠤᠨ | ᠵᠣᠬᠢᠶᠠᠬᠤ᠂ ᠨᠡᠶᠢᠲᠡᠯᠡᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠭᠦᠢᠴᠡᠳᠬᠡᠬᠦ ᠵᠦᠶᠯᠡᠰ ᠤᠨ ᠮᠠᠲ᠋ᠧᠷᠢᠶᠠᠯ ᠤᠨ | ᠨᠠᠷᠢᠨ ᠬᠠᠭᠤᠳᠠᠰᠤ᠂ ᠭᠦᠢᠴᠡᠳᠬᠡᠬᠦ ᠵᠦᠶᠯᠡᠰ ᠢ ᠬᠢᠨᠠᠨ ᠵᠥᠪᠰᠢᠶᠡᠷᠡᠬᠦ ᠴᠤᠪᠤᠷᠠᠯ᠂ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠪᠠ ᠰᠦᠯᠵᠢᠶᠡᠨ ᠳᠡᠭᠡᠷ᠎ᠡ ᠰᠢᠶᠳᠪᠦᠷᠢᠯᠡᠵᠦ ᠪᠣᠯᠬᠤ ᠵᠦᠶᠯᠡᠰ ᠢ ᠤᠯᠠᠮ ᠨᠢᠭᠡ ᠠᠯᠬᠤᠮ ᠡᠮᠬᠢᠯᠡᠨ ᠲᠢᠭᠯᠡᠪᠡ᠃ | ᠣᠳᠣᠬᠠᠨ ᠪᠣᠯᠲᠠᠯ᠎ᠠ᠂ ᠪᠥᠬᠦ ᠠᠶᠢᠮᠠᠭ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠡᠶᠢᠲᠡ | 7291 ᠵᠦᠶᠯ ᠳᠠᠭᠠᠭᠠᠨ ᠠᠪᠴᠤ᠂ ᠰᠦᠯᠵᠢᠶᠡᠨ ᠳᠡᠭᠡᠷ᠎ᠡ ᠰᠢᠶᠳᠪᠦᠷᠢᠯᠡᠵᠦ ᠪᠣᠯᠬᠤ ᠵᠦᠶᠯᠡᠰ ᠢ 6792 ᠵᠦᠶᠯ | ᠨᠤᠲᠠᠯᠠᠵᠤ᠂ ᠰᠦᠯᠵᠢᠶᠡᠨ ᠳᠡᠭᠡᠷ᠎ᠡ ᠰᠢᠶᠳᠪᠦᠷᠢᠯᠡᠵᠦ ᠪᠣᠯᠬᠤ ᠵᠦᠶᠯᠡᠰ ᠤᠨ ᠡᠵᠡᠯᠡᠬᠦ ᠬᠠᠷᠢᠴᠠᠯ ᠨᠢ 93.16% ᠳᠤ | ᠬᠦᠷᠴᠡᠶ᠃ | | | |