︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠠᠯᠠᠱᠠ | ᠠᠶᠢᠮᠠᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠣᠩᠬᠤᠪᠴᠢ ᠨᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭᠠᠨ ᠳᠠᠬᠢ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ | ᠴᠠᠭ ᠬᠤᠭᠤᠴᠠᠭ᠎ᠠ ᠶᠢ ᠪᠣᠭᠤᠨᠢᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠪᠠ ᠬᠡᠷᠡᠭ | ᠡᠷᠬᠢᠯᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠠᠮᠠᠭᠠᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠠᠬᠤᠢ ᠶᠢ ᠰᠢᠯᠢᠳᠡᠭᠵᠢᠭᠦᠯᠵᠦ ᠪᠠᠶᠢᠨ᠎ᠠ᠃ | ᠨᠢᠭᠡ ᠳᠤ ᠭᠦᠶᠴᠡᠳᠬᠡᠬᠦ ᠴᠤᠪᠤᠷᠠᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠴᠥᠬᠡᠨ ᠪᠦᠭᠡᠳ | ᠴᠢᠬᠤᠯᠠ ᠶᠢ ᠨᠢ ᠭᠦᠢᠴᠡᠳᠬᠡᠬᠦ︾ ᠵᠠᠷᠴᠢᠮ ᠤᠨ ᠶᠣᠰᠣᠭᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠨᠠᠷᠢᠨ | ᠬᠠᠭᠤᠳᠠᠰᠤ ᠶᠢ ᠲᠣᠭᠲᠠᠭᠠᠵᠤ᠂ ᠮᠠᠲ᠋ᠧᠷᠢᠶᠠᠯ ᠢ ᠳᠠᠬᠢᠨ ᠳᠠᠪᠲᠠᠨ ᠲᠤᠰᠢᠶᠠᠬᠤ ᠠᠴᠠ ᠵᠠᠶᠢᠯᠠᠰᠬᠢᠵᠦ᠂ ᠪᠠᠷᠢᠯᠭ᠎ᠠ ᠶᠢᠨ | ᠠᠵᠤ ᠠᠬᠤᠶᠢᠯᠠᠯ ᠤᠨ ᠲᠥᠷᠥᠯ ᠵᠦᠶᠯ ᠢ ᠳᠠᠩᠰᠠᠯᠠᠭᠤᠯᠬᠤ᠂ ᠭᠡᠷ᠎ᠡ ᠶᠢ ᠳᠠᠩᠰᠠᠯᠠᠭᠤᠯᠬᠤ᠂ ᠪᠠᠷᠢᠯᠭ᠎ᠠ ᠶᠢᠨ ᠡᠨᠧᠷᠭᠢ | ᠠᠷᠪᠢᠯᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠨ ᠳᠠᠩᠰᠠᠯᠠᠭᠤᠯᠬᠤ ᠵᠡᠷᠭᠡ ᠳᠠᠩᠰᠠᠯᠠᠭᠤᠯᠬᠤ ᠴᠢᠬᠤᠯᠠ | ᠦᠭᠡᠢ ᠵᠦᠶᠯᠡᠰ ᠢ ᠬᠦᠴᠦᠨ ᠦᠭᠡᠢ ᠪᠣᠯᠭᠠᠪᠠ᠃ ᠬᠤᠶᠠᠷ ᠲᠤ ᠣᠯᠠᠨ ᠬᠢᠨᠠᠨ ᠵᠥᠪᠰᠢᠶᠡᠷᠡᠬᠦ ᠵᠦᠶᠯᠡᠰ ᠢ ︽ | ᠨᠡᠶᠢᠯᠡᠭᠦᠯᠦᠨ ᠬᠠᠮᠲᠤᠷᠠᠭᠤᠯᠵᠤ ᠬᠢᠨᠠᠨ ᠵᠥᠪᠰᠢᠶᠡᠷᠡᠭᠦᠯᠬᠦ︾ ᠪᠣᠯᠭᠠᠵᠤ᠂ ᠶᠠᠰᠤ ᠴᠢᠨᠠᠷ ᠲᠤ ᠬᠢᠨᠠᠯᠲᠠ ᠲᠠᠯᠪᠢᠬᠤ᠂ | ᠠᠮᠤᠷ ᠲᠦᠪᠰᠢᠨ ᠳᠤ ᠬᠢᠨᠠᠯᠲᠠ ᠲᠠᠯᠪᠢᠬᠤ ᠭᠠᠷ ᠭᠦᠶᠴᠡᠳᠬᠡᠯ ᠪᠠ ᠪᠠᠷᠢᠯᠭ᠎ᠠ ᠪᠠᠷᠢᠬᠤ ᠵᠥᠪᠰᠢᠶᠡᠷᠡᠯ ᠢ ᠨᠡᠶᠢᠯᠡᠭᠦᠯᠵᠦ᠂ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ᠂ ᠠᠶᠤᠩᠭ᠎ᠠ ᠰᠡᠷᠭᠡᠶᠢᠯᠡᠬᠦ᠂ ᠵᠢᠷᠤᠭ ᠬᠢᠨᠠᠬᠤ | ᠪᠠᠷᠢᠯᠭ᠎ᠠ ᠶᠢᠨ ᠵᠢᠷᠤᠭ ᠢ ᠬᠠᠮᠲᠤᠷᠠᠨ ᠬᠢᠨᠠᠨ ᠪᠠᠶᠢᠴᠠᠭᠠᠬᠤ ᠪᠣᠯᠭᠠᠵᠠᠢ᠃ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠤᠨ ᠳᠣᠲᠣᠭᠠᠳᠤ ᠶᠢᠨ ᠬᠠᠮᠵᠢᠯᠴᠠᠬᠤ ᠵᠦᠶᠯᠡᠰ ᠢᠶᠠᠨ ᠲᠣᠬᠢᠷᠠᠭᠤᠯᠪᠠ᠃ ᠭᠤᠷᠪᠠ ᠳᠤ ︽ᠨᠢᠭᠡ | ᠲᠠᠯ᠎ᠠ ᠶᠢᠨ ᠬᠢᠨ ᠢᠶᠠᠷ ᠲᠦᠷᠦᠭᠦᠯᠡᠭᠦᠯᠦᠨ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠴᠠᠭ ᠬᠢᠵᠠᠭᠠᠷᠯᠠᠨ ᠭᠦᠶᠴᠡᠳᠬᠡᠵᠦ | ᠳᠠᠭᠤᠰᠬᠠᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠣᠯᠠᠨ ᠲᠠᠯ᠎ᠠ ᠪᠠᠷ ᠭᠦᠶᠦᠯᠭᠡᠬᠦ ᠶᠢ ᠪᠠᠭᠠᠰᠬᠠᠵᠤ᠂ ᠬᠢᠨᠠᠨ | ᠵᠥᠪᠰᠢᠶᠡᠷᠡᠬᠦ ᠴᠤᠪᠤᠷᠠᠯ ᠢ ᠨᠢᠭᠡᠳᠦᠯᠲᠡᠶ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠯᠠᠮ | ᠴᠢᠨᠠᠭᠰᠢᠳᠠ ᠪᠣᠭᠤᠨᠢᠰᠬᠠᠪᠠ︔ ᠳᠥᠷᠪᠡ ᠳᠤ ᠶᠡᠷᠦᠩᠬᠡᠶᠢᠯᠡᠭᠰᠡᠨ ᠴᠣᠩᠬᠤᠪᠴᠢ ᠲᠣᠬᠢᠷᠠᠭᠤᠯᠵᠤ᠂ ᠪᠠᠷᠢᠯᠭ᠎ᠠ ᠪᠠᠷᠢᠬᠤ | ᠶᠢ ᠵᠥᠪᠰᠢᠶᠡᠷᠡᠬᠦ ᠱᠠᠲᠤ ᠦᠶ᠎ᠡ ᠶᠢᠨ ᠭᠤᠶᠤᠴᠢᠯᠠᠯ ᠤᠨ ᠬᠦᠰᠦᠨᠦᠭᠲᠦ᠂ ᠪᠠᠷᠢᠯᠭ᠎ᠠ ᠳᠠᠭᠤᠰᠴᠤ ᠬᠠᠮᠲᠤᠷᠠᠨ ᠰᠢᠯᠭᠠᠨ | ᠠᠪᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ ᠶᠢ ᠲᠣᠭᠲᠠᠭᠠᠵᠤ᠂ ᠨᠢᠭᠡ ᠴᠣᠩᠬᠤᠪᠴᠢ ᠪᠠᠷ ᠶᠡᠷᠦᠩᠬᠡᠶᠢᠯᠡᠭᠰᠡᠨ | ᠦᠶᠯᠡᠴᠢᠯᠡᠭᠡ ᠬᠠᠩᠭᠠᠬᠤ ᠶᠢ ᠪᠡᠶᠡᠯᠡᠭᠦᠯᠵᠦ᠂ ᠨᠢᠭᠡ ᠬᠦᠰᠦᠨᠦᠭᠲᠦ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ | ᠡᠮᠬᠢᠯᠡᠨ ᠨᠡᠶᠢᠯᠡᠭᠦᠯᠪᠡ᠃ ᠲᠠᠪᠤ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠠᠮᠲᠤᠷᠠᠨ ᠰᠢᠯᠭᠠᠨ ᠠᠪᠬᠤ | ᠶᠢ ᠬᠡᠷᠡᠭᠵᠢᠭᠦᠯᠵᠦ᠂ ︽ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠶᠢ ᠬᠡᠷᠡᠭᠵᠢᠭᠦᠯᠵᠦ᠂ ᠬᠢᠷᠢ ᠬᠡᠮ | ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠨᠢᠭᠡᠳᠦᠯᠲᠡᠶ ᠬᠡᠮᠵᠢᠯᠲᠡ ᠬᠢᠯᠭᠡᠵᠦ᠂ ︽ᠨᠢᠭᠡ ᠤᠳᠠᠭ᠎ᠠ ᠳᠤ ᠨᠠᠶᠢᠳᠠᠬᠤ︾᠂ | ᠬᠠᠮᠲᠤᠷᠠᠨ ᠬᠡᠮᠵᠢᠨ ᠵᠢᠷᠤᠬᠤ᠂ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ ᠶᠢ ᠬᠡᠷᠡᠭᠵᠢᠭᠦᠯᠵᠡᠢ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠴᠤᠪᠤᠷᠠᠯ ᠢ | ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠵᠡᠷᠭᠡ ᠳᠥᠷᠪᠡᠨ ᠱᠠᠲᠤ ᠬᠤᠪᠢᠶᠠᠨ᠂ ᠱᠠᠲᠤ ᠨᠢᠭᠡᠪᠦᠷᠢ ᠳᠤ ᠴᠥᠮ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠢ | ᠲᠣᠭᠲᠠᠭᠠᠵᠤ᠂ ︽ᠨᠢᠭᠡᠳᠦᠯᠲᠡᠶ ᠬᠦᠯᠢᠶᠡᠨ ᠠᠪᠴᠤ ᠭᠦᠢᠴᠡᠳᠬᠡᠬᠦ᠂ ᠬᠠᠮᠲᠤᠷᠠᠭᠤᠯᠤᠨ ᠬᠢᠨᠠᠨ ᠵᠥᠪᠰᠢᠶᠡᠷᠡᠬᠦ᠂ ᠴᠠᠭ | ᠲᠤᠬᠠᠶ ᠳᠤ ᠨᠢ ᠡᠷᠭᠢᠯᠳᠦᠭᠦᠯᠬᠦ ᠬᠤᠭᠤᠴᠠᠭ᠎ᠠ ᠬᠢᠵᠠᠭᠠᠷᠯᠠᠨ ᠭᠦᠶᠴᠡᠳᠬᠡᠵᠦ ᠳᠠᠭᠤᠰᠬᠠᠬᠤ︾ ᠶᠢ ᠬᠡᠷᠡᠭᠵᠢᠭᠦᠯᠵᠡᠢ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ | ᠬᠡᠷᠡᠭᠵᠢᠭᠦᠯᠦᠯᠲᠡ ᠨᠢ ᠭᠤᠣᠯᠳᠠᠭᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠰᠠᠭᠤᠷᠢ ᠪᠡᠯᠡᠳᠬᠡᠮᠵᠢ ᠵᠡᠷᠭᠡ | ᠪᠠᠷᠢᠯᠭ᠎ᠠ ᠶᠢ ᠵᠦᠢᠯᠡᠰ ᠲᠣᠭᠲᠠᠭᠠᠬᠤ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠪᠠ ᠣᠯᠠᠨ | ᠨᠡᠶᠢᠲᠡ ᠶᠢᠨ ᠪᠡᠯᠡᠳᠬᠡᠮᠵᠢ ᠶᠢ ᠦᠢᠯᠡᠴᠢᠯᠡᠭᠡᠨ ᠤ ᠪᠦᠬᠦ ᠶᠠᠪᠤᠴᠠ ᠳᠤ ᠣᠷᠤᠭᠤᠯᠵᠤ᠂ ᠥᠭᠡᠷᠡᠴᠢᠯᠡᠯᠲᠡ ᠶᠢ ᠪᠦᠷᠢᠨ | ᠪᠦᠷᠬᠦᠭᠦᠯᠵᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠦᠬᠦ ᠶᠠᠪᠤᠴᠠ ᠶᠢ ᠬᠢᠨᠠᠨ | ᠵᠥᠪᠰᠢᠶᠡᠷᠡᠬᠦ ᠴᠠᠭ ᠢ 100 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠣᠯᠭᠠᠨ ᠪᠣᠭᠤᠨᠢᠰᠬᠠᠵᠠᠢ᠃ | ᠢᠩᠭᠢᠭᠰᠡᠨ ᠢᠶᠠᠷ ᠥᠷᠭᠡᠨ ᠣᠯᠠᠨ ᠠᠷᠠᠳ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ | ᠪᠣᠯᠭᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠢᠯ | ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ |