ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠶᠢᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠬᠦ ᠪᠦᠳᠣᠬᠦᠪᠴᠢ ᠵᠦᠪᠯᠡᠯᠴᠡᠭᠡᠷ ᠤᠨ ᠭᠡᠷ᠎ᠠ ᠲᠣᠭᠳᠠᠬᠤ ᠶᠣᠰᠣᠯᠠᠯ ᠵᠢᠴᠢ ᠣᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠨᠢᠭᠡᠳᠣᠭᠡᠷ ᠬᠤᠭᠤᠴᠠᠭ᠎ᠠ ᠶᠢᠨ 600 ᠲᠦᠮᠡᠨ ᠺᠢᠯᠣᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠢ ᠡᠬᠢᠯᠡᠭᠦᠯᠵᠤ ᠪᠦᠲᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠪᠠ  ᠪᠦ᠋ ᠰᠢᠶᠣᠤ ᠯᠢᠨ ᠭᠡᠷ᠎ᠡ ᠲᠤᠬᠳᠠᠬᠤ ᠶᠢ ᠭᠡᠷᠡᠴᠢᠯᠡᠵᠡᠶ
ᠨᠡᠶᠢᠲᠡᠯᠡᠭᠰᠡᠨ ᠴᠠᠭ᠄
2019/9/27
     9 ᠰᠠᠷ᠎ᠠ ᠶᠢᠨ 26᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠶᠢᠨ ᠬᠠᠮᠲᠤᠷᠠᠯᠴᠠᠭ᠎ᠠ ᠪᠠᠨ ᠬᠦᠨᠵᠡᠬᠡᠶᠢᠷᠡᠬᠦᠯᠬᠦ ᠪᠦᠳᠦᠭᠦᠪᠴᠢ ᠵᠥᠪᠯᠡᠯᠴᠡᠭᠡᠷ ᠤᠨ ᠭᠡᠷ᠎ᠡ ᠲᠣᠭᠲᠠᠬᠤ ᠶᠣᠰᠣᠯᠠᠯ ᠵᠢᠴᠢ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠨᠢᠭᠡᠳᠦᠭᠡᠷ ᠬᠤᠭᠤᠴᠠᠭ᠎ᠠ ᠶᠢᠨ 600 ᠲᠦᠮᠡᠨ ᠺᠢᠯᠣᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠢ ᠡᠬᠢᠯᠡᠭᠦᠯᠵᠤ ᠪᠦᠲᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠶᠢᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠢᠶᠠᠨ ᡁᠢ ᠮᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠯᠤᠨ ᠤᠯᠤᠰ ᠎ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠶᠢᠨ ᠶᠡᠷᠦᠩᠬᠡᠶ ᠳᠠᠭᠠᠭᠠᠮᠠᠯ ᠵᠢᠶᠠᠩ ᠢ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃      ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠨᠢᠭᠡᠨᠲᠡ ᠲᠤᠬᠳᠠᠬᠰᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ ᠣᠯᠠᠨ ᠲᠡᠰ ᠳᠠᠪᠬᠤᠷᠭ᠎ᠠ᠂ ᠣᠯᠠᠨ ᠬᠦᠷᠢᠶᠡᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠤ᠂ ᠲᠣᠮᠣ ᠬᠡᠯᠪᠡᠷᠢ ᠶᠢᠨ ᠴᠡᠪᠡᠷ ᠡᠨᠧᠷᠭᠢ ᠶᠢᠨ ᠰᠠᠭᠤᠷᠢᠨ᠂ ᠭᠡᠷᠡᠯ ᠴᠡᠨᠡᠭ ᠢᠶᠠᠷ ᠡᠯᠡᠰᠦᠷᠬᠡᠭᠵᠢᠯ ᠢ ᠵᠠᠰᠠᠬᠤ᠂ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ᠂ ᠨᠡᠭᠦᠷᠡᠰᠦ ᠴᠠᠬᠢᠯᠭᠠᠨ ᠬᠥᠩᠭᠡᠨᠴᠠᠭᠠᠨ ᠤ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ᠂ ᠤᠰᠤᠲᠥ᠋ᠷᠥᠭᠴᠢ ᠡᠨᠧᠷᠭᠢ᠂ ᠴᠥᠮ᠎ᠡ ᠶᠢᠨ ᠡᠨᠧᠷᠭᠢ ᠪᠠᠷ ᠢᠯᠴᠢ ᠬᠠᠩᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠳᠤ ᠬᠦᠴᠦ ᠨᠡᠮᠡᠷᠢᠯᠡᠬᠦ ᠪᠤᠯᠤᠨ᠎ᠠ᠃      ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠤ ᠨᠢᠭᠡᠳᠦᠭᠡᠷ ᠬᠤᠭᠤᠴᠠᠭ᠎ᠠ ᠶᠢᠨ 600 ᠲᠦᠮᠡᠨ ᠺᠢᠯᠣᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠲᠣᠰ ᠡᠳᠦᠷ ᠠᠵᠢᠯ ᠢᠶᠠᠨ ᠡᠬᠢᠯᠡᠬᠦᠯᠪᠡ᠃ ᠪᠦ᠋ ᠰᠢᠶᠣᠤ ᠯᠢᠨ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠵᠤ᠂ ᠴᠢᠶᠠᠨ ᡁᠢ ᠮᠢᠨ ᠲᠥᠷᠥᠯ ᠵᠦᠢᠯ ᠤᠨ ᠠᠵᠢᠯ ᠢ ᠡᠬᠢᠯᠡᠭᠦᠯᠵᠤ ᠪᠦᠲᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠳᠤ ᠪᠠᠶᠠᠷ ᠤᠨ ᠦᠭᠡ ᠬᠡᠯᠡᠵᠦ᠂ ᠠᠶ ᠯᠢ ᠬᠤᠸᠠ᠂ ᠵᠢᠶᠠᠩ ᠢ ᠶᠡᠭᠡ ᠬᠤᠷᠠᠯ ᠳᠤ ᠣᠷᠣᠯᠴᠠᠪᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠤᠯᠤᠰ ᠎ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠪᠤᠯᠤᠨ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠬᠠᠮᠲᠤ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠤᠯᠤᠨ᠎ᠠ᠂ ᠡᠨᠡ ᠪᠤᠯ ᠮᠠᠨ ᠤ ᠤᠯᠤᠰ ᠤᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠤᠯᠤᠨ᠎ᠠ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠤᠳᠤᠯᠬᠢᠯᠠᠵᠥ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ ᠴᠢᠬᠤᠯᠠ ᠶᠡᠭᠡ ᠢᠨᠵᠧᠨᠧᠷᠢᠩ ᠪᠤᠯᠤᠨ᠎ᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 400 ᠳ᠋ᠦᠩᠰᠢᠭᠤᠷ ᠰᠢᠬᠠᠮ ᠲᠥᠭᠦᠷᠢᠭ ᠲᠤ ᠬᠦᠷᠴᠦ᠂ ᠠᠰᠢᠬᠯᠠᠯᠲᠠ ᠳᠤ ᠣᠷᠣᠭᠰᠠᠨ ᠤ ᠳᠠᠷᠠᠭ᠎ᠠ ᠵᠢᠯ ᠪᠦᠷᠢ ᠪᠡᠭᠡᠵᠢᠩ ᠲᠢᠶᠠᠨᠵᠢᠨ ᠾᠧᠪᠧᠶ ᠳᠤ ᠴᠡᠪᠡᠷ ᠴᠠᠬᠢᠯᠭᠠᠨ ᠡᠨᠧᠷᠭᠢ 200 ᠳ᠋ᠦᠩᠰᠢᠭᠤᠷ ᠰᠢᠬᠠᠮ ᠺᠢᠯᠣᠸᠠᠲ ᠴᠠᠭ ᠬᠦᠷᠭᠡᠵᠦ᠂ ᠡᠬᠡ ᠬᠠᠭᠤᠷᠠᠶ ᠳᠠᠬᠢ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠶᠢ ᠲᠥᠪᠯᠡᠷᠡᠭᠦᠯᠦᠨ ᠨᠡᠭᠡᠭᠡᠨ ᠬᠥᠭᠵᠢᠭᠦᠯᠬᠦ᠂ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠ ᠠᠮᠢ ᠠᠬᠤᠶ ᠶᠢ ᠰᠠᠶᠢᠵᠢᠷᠠᠭᠤᠯᠬᠤ ᠳᠤ ᠪᠤᠳᠠᠳᠤ ᠬᠡᠷᠡᠴᠢ ᠪᠠ ᠲᠤᠷᠰᠢᠯᠭ᠎ᠠ ᠬᠠᠩᠭᠠᠵᠤ᠂ ᠰᠢᠨ᠎ᠡ ᠡᠨᠧᠷᠭᠢ ᠶᠢᠨ ᠡᠬᠢ ᠪᠠᠶᠠᠯᠢᠬ ᠢᠶᠠᠷ ᠳᠠᠪᠠᠭᠤᠯᠢᠭ ᠪᠦᠬᠦᠢ ᠣᠷᠣᠨ ᠪᠦᠰᠡ ᠶᠢᠨ ᠦᠷᠭᠦᠯᠵᠢᠯᠡᠬᠦ ᠬᠥᠭᠵᠢᠯᠲᠡ ᠶᠢ ᠰᠦᠪᠡᠭᠴᠢᠯᠡᠬᠦ᠂ ᠮᠠᠨ ᠤ ᠤᠯᠤᠰ ᠤᠨ ᠣᠳᠣ ᠦᠶ᠎ᠡ ᠶᠢᠨ ᠡᠨᠧᠷᠭᠢ ᠶᠢᠨ ᠰᠢᠰᠲ᠋ᠧᠮ ᠳᠠᠬᠢ ᠥᠪᠥᠷ ᠮᠣᠩᠭᠤᠯ ᠤᠨ ᠴᠢᠬᠤᠯᠠ ᠪᠠᠶᠢᠷᠢ ᠰᠠᠭᠤᠷᠢ ᠎ ᠶᠢ ᠪᠠᠬᠢᠵᠢᠭᠦᠯᠦᠨ ᠳᠡᠭᠡᠭᠰᠢᠯᠡᠭᠦᠯᠬᠦ ᠳᠤ ᠢᠳᠡᠪᠬᠢ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号