︽ᠦᠳᠡ ᠶᠢᠨ ᠡᠮᠦᠨ᠎ᠡ ᠪᠥᠬᠦ ᠬᠤᠰᠢᠭᠤᠨ ᠤ ᠬᠠᠷᠠᠭᠠᠨ ᠳᠠᠪᠲᠠᠮᠵᠢᠲᠤ ᠬᠤᠷᠠᠯ ᠬᠢᠪᠡ᠂ ᠪᠢ ᠮᠠᠯᠴᠢᠨ | ᠲᠠᠷᠢᠶᠠᠴᠢᠨ ᠤ ᠭᠡᠷ ᠲᠤ ᠨᠤᠲᠤᠭ ᠪᠡᠯᠴᠢᠭᠡᠷ ᠤᠨ ᠵᠢᠭᠤᠷᠠᠯᠳᠤᠭᠠᠨ ᠤ ᠠᠰᠠᠭᠤᠳᠠᠯ ᠢ ᠰᠢᠢᠳᠪᠦᠷᠢᠯᠡᠵᠦ ᠪᠠᠶᠢᠭᠰᠠᠨ | ᠤᠴᠢᠷ ᠠᠴᠠ ᠬᠤᠷᠠᠯ ᠳᠤ ᠣᠷᠣᠯᠴᠠᠵᠤ ᠴᠢᠳᠠᠭᠰᠠᠨ ᠦᠭᠡᠢ᠃ ᠦᠳᠡ ᠳᠤ ᠭᠡᠷ ᠲᠡᠭᠡᠨ ᠬᠠᠷᠢᠭᠰᠠᠨ ᠤ ᠳᠠᠷᠠᠭ᠎ᠠ ᠪᠢ | ᠲᠣᠬᠢᠷᠠᠭᠤᠯᠬᠤ ᠰᠢᠰᠲ᠋ᠧᠮ ᠢᠶᠠᠷ ᠬᠠᠷᠠᠭᠠᠨ ᠲᠠᠪᠲᠠᠮᠵᠢ ᠶᠢ ᠪᠤᠴᠠᠭᠠᠨ ᠲᠠᠯᠪᠢᠵᠤ᠂ ᠨᠢᠭᠡ ᠴᠠᠭ ᠵᠠᠷᠤᠴᠠᠭᠤᠯᠤᠨ | ᠰᠤᠷᠤᠯᠴᠠᠬᠤ ᠠᠭᠤᠯᠭ᠎ᠠ ᠪᠠᠨ ᠪᠦᠬᠦᠨ ᠢ ᠨᠥᠬᠦᠪᠡ︾᠃ ︽ᠬᠤᠶᠢᠰᠢᠳᠠ ᠬᠤᠷᠠᠯ ᠰᠤᠷᠤᠯᠴᠠᠯᠭ᠎ᠠ ᠳᠤ | ᠣᠷᠤᠯᠴᠠᠬᠤ ᠳᠤ ᠵᠠᠮ ᠬᠥᠭᠡᠭᠡᠬᠦ ᠬᠡᠷᠡᠭ ᠥᠬᠡᠶ ᠪᠣᠯᠵᠠᠶ᠂ ᠠᠵᠢᠯᠯᠠᠭᠤᠯᠬᠤ ᠳᠤ ᠴᠦ ᠠᠮᠠᠷᠬᠠᠨ ᠪᠠᠶᠢᠳᠠᠭ᠃ | ᠵᠠᠬᠢᠶᠠᠯᠠᠭ᠎ᠠ ᠶᠢᠨ ᠨᠡᠪᠲᠡᠷᠡᠭᠦᠯᠭᠡ᠂ ᠰᠢᠭᠤᠳ ᠨᠡᠪᠲᠡᠷᠡᠭᠦᠯᠭᠡ ᠶᠢᠨ ᠴᠢᠳᠠᠮᠵᠢ ᠨᠢ ᠨᠠᠩ ᠰᠠᠶᠢᠨ᠂ ᠵᠠᠷᠢᠮ ᠦᠶ᠎ᠡ | ᠭᠠᠳᠠᠨ᠎ᠠ ᠣᠷᠣᠨ ᠳᠤ ᠣᠴᠢᠵᠤ ᠪᠠᠶᠢᠴᠠᠭᠠᠨ ᠰᠤᠷᠤᠯᠴᠠᠳᠠᠭ ᠪᠣᠯᠪᠠᠴᠤ ᠴᠢᠬᠤᠯᠠ ᠬᠤᠷᠠᠯ ᠠᠴᠠ ᠬᠤᠴᠤᠷᠠᠬᠤ ᠠᠴᠠ | ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠠᠢ︾ ᠭᠡᠵᠦ ᠬᠠᠩᠭᠢᠨ ᠬᠤᠰᠢᠭᠤᠨ ᠤ ᠰᠢᠨ᠎ᠡ ᠪᠠᠯᠭᠠᠰᠤ ᠶᠢᠨ ᠱᠧᠩ ᠯᠢ | ᠲᠣᠰᠬᠤᠨ ᠤ ᠨᠠᠮ ᠤᠨ ᠡᠭᠦᠷ ᠤᠨ ᠱᠦᠵᠢ ᠨᠢᠦ ᠹᠦ᠋ ᠴᠢᠶᠠᠩ ᠶᠠᠷᠢᠵᠤ ᠪᠠᠶᠢᠯ᠎ᠠ᠃ | 2016 ᠣᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︽ | ᠬᠠᠭᠤᠴᠢᠨ ᠢ ᠠᠰᠢᠭᠯᠠᠨ ᠰᠢᠨ᠎ᠡ ᠶᠢ ᠪᠠᠶᠢᠭᠤᠯᠬᠤ︾ ᠵᠠᠷᠴᠢᠮ ᠶᠣᠰᠣᠭᠠᠷ᠂ ᠡᠯ᠎ᠡ ᠬᠤᠰᠢᠭᠤ ᠲᠣᠭᠤᠷᠢᠭ ᠤᠨ | ᠤᠤᠯ ᠤᠨ ᠬᠠᠲᠠᠭᠤ ᠲᠣᠨᠤᠭ ᠤᠨ ᠡᠬᠢ ᠪᠠᠶᠠᠯᠢᠭ ᠢ ᠭᠦᠢᠴᠡᠳ ᠨᠢᠭᠡᠳᠬᠡᠵᠦ᠂ ᠬᠤᠲᠠ ᠶᠢᠨ ᠳᠡᠰ ᠤᠨ ᠶᠡᠷᠦᠩᠬᠡᠶ | ᠡᠵᠡᠮᠰᠢᠯᠲᠦ ᠲᠣᠬᠢᠷᠠᠭᠤᠯᠭ᠎ᠠ ᠶᠢᠨ ᠲᠥᠪ᠂ 9 ᠬᠤᠰᠢᠭᠤ ᠲᠣᠭᠤᠷᠢᠭ ᠤᠨ ᠲᠣᠬᠢᠷᠠᠭᠤᠯᠤᠯᠲᠠ ᠶᠢᠨ ᠬᠤᠪᠢᠶᠠᠷᠢ ᠲᠥᠪ᠂ | 75 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠡᠰ ᠤᠨ ᠲᠣᠬᠢᠷᠠᠭᠤᠯᠤᠯᠲᠠ ᠶᠢᠨ ᠥᠷᠲᠡᠭᠡ ᠴᠡᠭ᠂ | 730 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠡᠰ ᠤᠨ ᠥᠷᠲᠡᠭᠡ ᠴᠡᠭ ᠢ ᠪᠠᠶᠢᠭᠤᠯᠵᠤ᠂ ᠶᠡᠷᠦᠩᠬᠡᠶ | ᠡᠵᠡᠮᠰᠢᠯᠲᠦ ᠲᠣᠬᠢᠷᠠᠭᠤᠯᠭ᠎ᠠ ᠶᠢᠨ ᠲᠥᠪ ᠢᠶᠠᠷ ᠬᠦᠢᠰᠦ ᠪᠣᠯᠭᠠᠭᠰᠠᠨ᠂ ᠬᠤᠲᠠ᠂ ᠬᠤᠰᠢᠭᠤ᠂ ᠰᠢᠶᠠᠩ᠂ | ᠲᠣᠰᠬᠤᠨ ᠢ ᠬᠠᠮᠤᠷᠤᠭᠰᠠᠨ ︽ᠳᠥᠷᠪᠡᠨ ᠱᠠᠲᠤ ᠬᠤᠯᠪᠣᠭᠠᠯᠠᠨ ᠨᠡᠪᠲᠡᠷᠡᠬᠦ᠂ ᠳᠥᠷᠪᠡᠨ ᠱᠠᠲᠤ ᠬᠤᠯᠪᠣᠭᠠᠯᠠᠨ | ᠬᠥᠳᠡᠯᠦᠯᠴᠡᠬᠦ︾ ᠪᠦᠬᠦ ᠬᠦᠷᠢᠶ᠎ᠡ ᠴᠠᠷᠠᠭ᠎ᠠ ᠶᠢᠨ ᠨᠠᠮ ᠤᠨ ᠪᠠᠶᠢᠭᠤᠯᠤᠯᠲᠠ ᠶᠢᠨ ᠤᠶᠤᠨᠲᠤ ᠲᠣᠬᠢᠷᠠᠭᠤᠯᠬᠤ | ᠰᠢᠰᠲ᠋ᠧᠮ ᠢ ᠪᠦᠷᠢᠯᠳᠦᠭᠦᠯᠵᠦ᠂ ᠭᠠᠵᠠᠷ ᠣᠷᠣᠨ ᠪᠣᠯᠣᠨ ᠣᠷᠣᠨ ᠵᠠᠢ ᠶᠢᠨ ᠬᠢᠵᠠᠭᠠᠷᠯᠠᠯ ᠢ ᠪᠦᠲᠦᠮᠵᠢᠲᠡᠶ ᠡᠪᠳᠡᠵᠦ᠂ | ᠨᠠᠮ ᠤᠨ ᠭᠡᠰᠢᠭᠦᠨ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠠᠯᠤᠰ ᠠᠴᠠ ᠣᠷᠣᠯᠴᠠᠬᠤ ᠳᠤ | ᠨᠢ ᠳᠥᠭᠦᠮ ᠪᠣᠯᠭᠠᠨ᠂ ᠨᠠᠮ ᠤᠨ ᠭᠡᠰᠢᠭᠦᠨ ᠣᠯᠠᠨ ᠲᠦᠮᠡᠨ ᠤ ᠦᠵᠡᠯ ᠰᠠᠨᠠᠭ᠎ᠠ ᠶᠢ ᠳᠡᠭᠡᠭᠰᠢᠯᠡᠭᠦᠯᠵᠦ᠂ ᠨᠠᠮ ᠤᠨ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠵᠣᠭᠰᠣᠴᠠ ᠶᠢ | ᠴᠢᠩᠭᠠᠳᠬᠠᠪᠠ᠃ | ᠣᠶᠢᠯᠠᠭᠠᠭᠰᠠᠨ ᠢᠶᠠᠷ᠂ ᠪᠥᠬᠦ ᠬᠦᠷᠢᠶ᠎ᠡ ᠴᠠᠷᠠᠭ᠎ᠠ ᠶᠢᠨ ᠨᠠᠮ ᠤᠨ ᠪᠠᠶᠢᠭᠤᠯᠤᠯᠲᠠ ᠶᠢᠨ ᠤᠶᠤᠨᠲᠤ | ᠲᠣᠬᠢᠷᠠᠭᠤᠯᠬᠤ ᠰᠢᠰᠲ᠋ᠧᠮ ᠳᠤ ᠰᠦᠯᠵᠢᠶᠡᠨ ᠳᠡᠭᠡᠷ᠎ᠡ ᠰᠤᠷᠤᠯᠴᠠᠬᠤ᠂ ᠬᠠᠷᠠᠭᠠᠨ ᠳᠠᠪᠲᠠᠮᠵᠢᠲᠤ ᠬᠤᠷᠠᠯ ᠬᠢᠬᠦ ᠪᠠ | ᠠᠯᠤᠰ ᠠᠴᠠ ᠲᠣᠬᠢᠷᠠᠭᠤᠯᠬᠤ ᠵᠡᠷᠭᠡ ᠴᠢᠳᠠᠮᠵᠢ ᠲᠠᠢ ᠠᠴᠠ ᠭᠠᠳᠠᠨ᠎ᠠ ᠪᠠᠰᠠ ᠬᠥᠮᠦᠨ ᠤ ᠵᠢᠰᠦ ᠶᠢ ᠢᠯᠭᠠᠨ ᠲᠠᠨᠢᠬᠤ | ᠨᠡᠷ᠎ᠡ ᠮᠡᠳᠡᠭᠦᠯᠦᠯᠲᠡ ᠬᠢᠬᠦ᠂ ᠬᠤᠷᠠᠯ ᠤᠨ ᠲᠣᠪᠴᠢ ᠲᠡᠮᠳᠡᠭᠯᠡᠯ ᠢ ᠠᠶᠠᠨᠳᠠᠭᠠᠨ ᠪᠣᠶ ᠪᠣᠯᠭᠠᠬᠤ ᠪᠠ ᠰᠦᠯᠵᠢᠶᠡᠨ | ᠳᠡᠭᠡᠷ᠎ᠡ ᠣᠷᠴᠢᠭᠤᠯᠬᠤ ᠵᠡᠷᠭᠡ ᠴᠢᠳᠠᠮᠵᠢ ᠲᠠᠢ᠃ ᠡᠯ᠎ᠡ ᠬᠤᠰᠢᠭᠤ ᠲᠣᠭᠤᠷᠢᠭ ᠨᠢ ᠡᠪ ᠬᠠᠮᠲᠤ ᠨᠠᠮ ᠤᠨ ᠭᠡᠰᠢᠭᠦᠨ ᠤ | ᠰᠦᠯᠵᠢᠶ᠎ᠡ᠂ ᠤᠮᠠᠷᠠᠲᠤ ᠬᠢᠯᠢ ᠶᠢᠨ ᠬᠤᠰᠢᠭᠤᠴᠢ ᠰᠦᠯᠵᠢᠶ᠎ᠡ᠂ ᠬᠤᠲᠠ᠂ ᠬᠤᠰᠢᠭᠤ ᠬᠤᠶᠠᠷ ᠱᠠᠲᠤᠨ ᠤ ᠨᠠᠮ ᠤᠨ | ᠪᠠᠶᠢᠭᠤᠯᠤᠯᠲᠠ ᠶᠢᠨ ᠰᠦᠯᠵᠢᠶ᠎ᠡ ᠵᠡᠷᠭᠡ ᠰᠦᠯᠵᠢᠶᠡᠨ ᠤ ᠲᠠᠪᠴᠠᠩ ᠳᠤ ᠲᠦᠰᠢᠭᠯᠡᠨ᠂ ︽ᠭᠤᠷᠪᠠᠨ ᠬᠤᠷᠠᠯ ᠨᠢᠭᠡ | ᠬᠢᠴᠢᠶᠡᠯ︾ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠲᠥᠪᠯᠡᠷᠡᠩᠭᠦᠶ ᠰᠤᠷᠤᠯᠴᠠᠯᠭ᠎ᠠ ᠶᠢ ᠵᠣᠬᠢᠶᠠᠨ | ᠪᠠᠶᠢᠭᠤᠯᠵᠤ᠂ ᠲᠥᠪ ᠬᠤᠷᠢᠶᠠᠨ ᠤ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠰᠢᠭᠤᠳ ᠳᠠᠮᠵᠢᠭᠤᠯᠵᠤ | ᠪᠣᠯᠳᠠᠭ᠃ | ᠣᠳᠣᠬᠠᠨ ᠪᠣᠯᠲᠠᠯ᠎ᠠ᠂ ᠨᠠᠮ ᠤᠨ ᠬᠢᠴᠢᠶᠡᠯ ᠤᠨ ᠰᠤᠷᠤᠯᠴᠠᠯᠭ᠎ᠠ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ | ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠬᠤᠯᠪᠣᠭᠳᠠᠯ ᠪᠦᠬᠦᠢ ᠬᠠᠷᠠᠭᠠᠨ ᠳᠠᠪᠲᠠᠮᠵᠢᠲᠤ ᠬᠤᠷᠠᠯ ᠢ | 459 ᠤᠳᠠᠭ᠎ᠠ᠂ 1651 ᠴᠠᠭ ᠬᠤᠷᠠᠯᠳᠤᠭᠤᠯᠵᠤ᠂ ᠬᠤᠷᠠᠯ ᠳᠤ ᠣᠷᠤᠯᠴᠠᠭᠰᠠᠳ ᠨᠢ 20 ᠲᠦᠮᠡᠨ ᠬᠥᠮᠦᠨ | ᠤᠳᠠᠭ᠎ᠠ ᠳᠤ ᠬᠦᠷᠴᠡᠶ᠃ ᠪᠦᠬᠦ ᠬᠦᠷᠢᠶ᠎ᠡ ᠴᠠᠷᠠᠭ᠎ᠠ ᠶᠢᠨ ᠨᠠᠮ ᠤᠨ ᠪᠠᠶᠢᠭᠤᠯᠤᠯᠲᠠ ᠶᠢᠨ ᠤᠶᠤᠨᠲᠤ ᠲᠣᠬᠢᠷᠠᠭᠤᠯᠬᠤ | ᠰᠢᠰᠲ᠋ᠧᠮ ᠨᠢ ᠲᠣᠰ ᠬᠤᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠭᠡᠰᠢᠭᠦᠨ ᠤ ᠬᠥᠮᠦᠵᠢᠯ ᠢ | ᠴᠢᠩᠭᠠᠳᠬᠠᠬᠤ᠂ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠵᠡᠷᠭᠡ ᠶᠢ ᠠᠬᠢᠭᠤᠯᠬᠤ ᠳᠤ ︽ᠰᠢᠨ᠎ᠡ | ᠮᠠᠶ᠋ᠢᠭ ᠤᠨ ᠲᠣᠨᠤᠭ ᠲᠥᠬᠦᠭᠡᠷᠦᠮᠵᠢ︾ ᠪᠣᠯᠤᠭᠰᠠᠨ ᠪᠠᠶᠢᠨ᠎ᠠ᠃ |