ᠪᠦ᠋ ᠰᠢᠶᠣᠤ ᠯᠢᠨ ᠪᠤᠭᠤᠲᠤ ᠬᠤᠲᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠭᠰᠠᠨ ᠨᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2019/9/30
     9 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠪᠤᠭᠤᠲᠤ ᠬᠤᠲᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠶ ᠦᠢᠯᠡᠳᠪᠣᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃      ᠳᠠᠯᠠᠨ ᠬᠠᠷ᠎ᠠ ᠠᠭᠤᠯᠠ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠰᠡᠷᠭᠡᠶᠢᠯᠡᠯᠳᠡ ᠶᠢᠨ ᠱᠤᠭᠤᠮ ᠪᠠ ︽ᠤᠮᠠᠷᠠᠳᠤ ᠶᠢᠨ ᠭᠤᠷᠪᠠᠨ ᠤᠷᠤᠨ︾᠎ ᠤ ᠬᠠᠯᠬᠠᠪᠴᠢ ᠤᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠪᠦ᠋ ᠰᠢᠶᠣᠤ ᠯᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠳᠠ ᠪᠠ ᠠᠮᠢ ᠠᠬᠤᠶ ᠶᠢ ᠵᠠᠰᠠᠨ ᠰᠡᠷᠭᠦᠭᠡᠬᠦ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ ᠬᠦᠷᠴᠦ᠂ ᠵᠠᠰᠠᠨ ᠰᠡᠷᠭᠦᠭᠡᠬᠦ ᠠᠷᠭ᠎ᠠ ᠵᠠᠮ ᠢ ᠨᠠᠷᠢᠨ ᠣᠶᠢᠯᠠᠭᠠᠵᠤ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠪᠠᠶᠢᠴᠠᠭᠠᠨ ᠦᠵᠡᠪᠡ᠃ ᠲᠡᠷᠡ᠂ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠢᠮ᠎ᠡ ᠬᠠᠤᠯᠢ ᠪᠣᠯᠤᠨ ᠵᠢᠮ᠎ᠡ ᠶᠣᠰᠣ ᠶᠢ ᠵᠢᠷᠤᠮᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠢ ᠠᠬᠤᠢ ᠶᠢᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠪᠤᠭᠤᠲᠤ ᠬᠤᠲᠠ ᠠᠵᠤ ᠦᠢᠯᠡᠳᠪᠣᠷᠢ ᠶᠢᠨ ᠬᠤᠲᠠ ᠪᠣᠯᠤᠭᠰᠠᠨ ᠤ ᠬᠤᠪᠢ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠦᠬᠦ ᠣᠷᠣᠨ ᠳᠤ ᠵᠢᠱᠢᠶ᠎ᠡ ᠦᠵᠡᠭᠦᠯᠬᠦ ᠦᠢᠯᠡᠳᠣᠯ ᠢᠶᠠᠨ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠪᠦ᠋ ᠰᠢᠶᠣᠤ ᠯᠢᠨ ᠤᠮᠠᠷᠠᠲᠤ ᠶᠢᠨ ᠬᠦᠨᠳᠦ ᠠᠵᠤ ᠦᠢᠯᠡᠳᠪᠣᠷᠢ ᠶᠢᠨ ᠪᠦᠯᠦᠭᠯᠡᠯ ᠺᠣᠮᠫᠠᠨᠢ ᠳᠤ ᠬᠦᠷᠴᠦ᠂ ᠠᠵᠤ ᠠᠬᠤᠢᠢᠯᠠᠯ ᠤᠨ ᠦᠢᠯᠡᠳᠪᠣᠷᠢᠯᠡᠯ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠤᠷ ᠲᠦᠪᠰᠢᠨ ᠢᠶᠠᠷ ᠬᠥᠭᠵᠢᠬᠦ ᠣᠢᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠶ ᠦᠢᠯᠡᠳᠪᠣᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ ᠴᠢᠩᠭᠠᠳᠬᠠᠵᠤ᠂ ᠡᠯ᠎ᠡ ᠲᠥᠷᠥᠯ ᠎ ᠤᠨ ᠦᠢᠯᠡᠳᠪᠣᠷᠢᠯᠡᠯ ᠤᠨ ᠠᠮᠤᠷ ᠲᠦᠪᠰᠢᠨ ᠤ ᠠᠳᠡᠯ ᠡᠬᠦᠰᠬᠦ ᠶᠢ ᠦᠨᠡᠨ ᠬᠦ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号