ᠭᠠᠵᠠᠷ ᠳᠡᠭᠡᠷᠡᠬᠢ ᠣᠰᠣᠨ ᠤ ᠴᠢᠨᠠᠷ ᠢ ᠰᠠᠶᠢᠵᠢᠷᠠᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠵᠣ | ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ 2019 ᠣᠨ ᠤ 8 ᠳ᠋ᠤᠭᠠᠷ ᠰᠠᠷ᠎ᠠ ᠳᠤ | ᠤᠯᠠᠭᠠᠨᠬᠠᠳᠠ ᠬᠤᠲᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠵᠣ ᠪᠠᠶᠢᠭ᠎ᠠ ᠪᠠᠶᠢᠳᠠᠯ ᠢ ᠵᠢᠭᠰᠠᠭᠠᠨ ᠪᠠᠶᠢᠴᠠᠭᠠᠬᠤ | ᠠᠵᠢᠯ ᠢ ᠡᠬᠢᠯᠡᠭᠦᠯᠪᠡ᠃ | ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠵᠣ ᠪᠠᠶᠢᠭ᠎ᠠ ᠬᠤᠭᠤᠯᠠᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠪᠣᠯ ᠰᠠᠪᠠ ᠭᠠᠵᠠᠷ ᠤᠨ ᠤᠰᠤᠨ ᠤ ᠴᠢᠨᠠᠷ ᠢ ᠰᠠᠶᠢᠵᠢᠷᠠᠭᠤᠯᠬᠤ ᠠᠵᠢᠯ ᠤᠨ ᠰᠠᠭᠤᠷᠢ ᠮᠦᠷᠳᠡᠬᠡᠨ ᠡᠯ᠎ᠡ | ᠲᠠᠯ᠎ᠠ ᠶᠢᠨ ᠪᠣᠬᠢᠷᠲᠤᠯ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠵᠠᠩᠭᠢᠯᠠᠭ᠎ᠠ ᠪᠣᠯᠤᠨ᠎ᠠ᠃ ᠲᠣᠰ | ᠤᠳᠠᠭᠠᠨ ᠤ ᠪᠠᠶᠢᠴᠠᠭᠠᠯᠲᠠ ᠶᠢᠨ ᠬᠡᠪᠴᠢᠶ᠎ᠡ ᠳᠤ ᠯᠤᠤᠬ᠎ᠠ ᠶᠢᠨ ᠭᠤᠤᠯ᠂ ᠰᠢᠷᠠᠮᠥ᠋ᠷᠡᠨ ᠭᠤᠤᠯ᠂ ᠥᠯᠵᠡᠶ ᠮᠥᠷᠡᠨ | ᠵᠡᠷᠭᠡ ᠮᠠᠨ ᠤ ᠬᠤᠲᠠ ᠶᠢᠨ ᠭᠤᠤᠯ ᠪᠣᠯᠬᠤ ᠭᠤᠤᠯ ᠮᠥᠷᠡᠨ ᠤ ᠰᠠᠪᠠ ᠭᠠᠵᠠᠷ ᠲᠠᠬᠢ ᠠᠵᠤ ᠦᠶᠯᠡᠳᠪᠦᠷᠢ ᠶᠢᠨ | ᠪᠣᠬᠢᠷᠲᠤᠯ ᠭᠠᠳᠠᠭᠰᠢᠯᠠᠭᠤᠯᠬᠤ ᠬᠤᠭᠤᠯᠠᠢ᠂ ᠠᠮᠢᠳᠤᠷᠠᠯ ᠤᠨ ᠪᠣᠬᠢᠷᠲᠤᠯ ᠭᠠᠳᠠᠭᠰᠢᠯᠠᠭᠤᠯᠬᠤ ᠬᠤᠭᠤᠯᠠᠢ᠂ ᠪᠣᠷᠣᠭᠠᠨ | ᠤ ᠤᠰᠤ ᠶᠢ ᠭᠠᠳᠠᠭᠰᠢᠯᠠᠭᠤᠯᠬᠤ ᠬᠤᠭᠤᠯᠠᠢ ᠵᠡᠷᠭᠡ ᠡᠯ᠎ᠡ ᠲᠥᠷᠥᠯ ᠤᠨ ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠵᠣ ᠪᠠᠶᠢᠭ᠎ᠠ ᠬᠤᠭᠤᠯᠠᠢ ᠪᠠᠭᠲᠠᠨ᠎ᠠ᠃ ᠵᠣᠷᠢᠯᠭ᠎ᠠ ᠨᠢ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ | ᠬᠤᠭᠤᠯᠠᠢ ᠶᠢᠨ ᠲᠤᠭ᠎ᠠ ᠬᠡᠮᠵᠢᠶ᠎ᠡ᠂ ᠤᠷᠲᠤᠷᠢᠭ ᠥᠷᠭᠡᠷᠢᠭ᠂ ᠪᠣᠬᠢᠷᠲᠤᠯ ᠭᠠᠳᠠᠭᠰᠢᠯᠠᠭᠤᠯᠬᠤ ᠲᠥᠷᠥᠯ ᠬᠡᠯᠪᠡᠷᠢ᠂ | ᠭᠠᠳᠠᠭᠰᠢᠯᠠᠭᠤᠯᠬᠤ ᠠᠷᠭ᠎ᠠ ᠮᠠᠶ᠋ᠢᠭ᠂ ᠭᠠᠳᠠᠭᠰᠢᠯᠠᠭᠤᠯᠬᠤ ᠵᠢᠮ᠎ᠡ ᠶᠣᠰᠣ ᠶᠢ ᠰᠢᠰᠲ᠋ᠧᠮ ᠲᠠᠢ ᠡᠵᠡᠮᠰᠢᠵᠦ᠂ | ᠬᠠᠶᠠᠭᠳᠠᠮᠠᠯ ᠪᠣᠬᠢᠷ ᠣᠰᠤ ᠪᠤᠯᠤᠨ ᠪᠣᠬᠢᠷᠲᠤᠯ ᠪᠣᠳᠠᠰ ᠤᠨ ᠭᠤᠤᠯ ᠤᠷᠤᠭᠤ ᠣᠷᠣᠬᠤ ᠬᠡᠮᠵᠢᠶ᠎ᠡ ᠵᠡᠷᠭᠡ ᠶᠢ | ᠲᠣᠭᠲᠠᠭᠠᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠵᠣ ᠪᠠᠶᠢᠭ᠎ᠠ ᠬᠤᠭᠤᠯᠠᠢ ᠶᠢᠨ ᠳᠠᠩᠰᠠ ᠡᠪᠬᠡᠮᠡᠯ ᠪᠠ | ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠬᠤ ᠶᠠᠪᠤᠳᠠᠯ ᠪᠣᠯᠤᠨ᠎ᠠ᠃ | ᠬᠤᠲᠠ᠂ ᠰᠢᠶᠠᠨ ᠬᠤᠶᠠᠷ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ | ᠠᠵᠢᠯᠲᠠᠳ ᠲᠤᠬᠠᠶ ᠶᠢᠨ ᠲᠠᠯᠠᠪᠠᠢ ᠶᠢᠨ ᠪᠠᠶᠢᠴᠠᠭᠠᠯᠳᠠ᠂ ᠵᠢᠯᠣᠭᠤᠴᠢ ᠦᠭᠡᠢ ᠨᠢᠰᠬᠡᠯ ᠢᠶᠠᠷ ᠲᠣᠭᠤᠷᠢᠨ ᠪᠠᠶᠢᠴᠠᠭᠠᠬᠤ | ᠵᠡᠷᠭᠡ ᠠᠷᠭ᠎ᠠ ᠬᠡᠯᠪᠡᠷᠢ ᠪᠠᠷ ᠪᠦᠬᠦ ᠲᠠᠯ᠎ᠠ ᠪᠠᠷ ᠪᠠᠶᠢᠴᠠᠭᠠᠬᠤ ᠠᠵᠢᠯ ᠢ ᠥᠷᠨᠢᠭᠦᠯᠪᠡ᠃ ᠬᠤᠶᠠᠷ ᠰᠠᠷ᠎ᠠ ᠰᠢᠬᠠᠮ ᠤᠨ | ᠬᠤᠭᠤᠴᠠᠭᠠᠨ ᠳᠤ᠂ ᠡᠯ᠎ᠡ ᠲᠥᠷᠥᠯ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠵᠣ ᠪᠠᠶᠢᠭ᠎ᠠ 210 | ᠬᠤᠭᠤᠯᠠᠢ ᠶᠢ ᠪᠠᠶᠢᠴᠠᠭᠠᠨ ᠢᠯᠡᠷᠡᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ ᠪᠠ ᠤᠯᠠᠭᠠᠨᠬᠠᠳᠠ ᠬᠤᠲᠠ ᠶᠢᠨ ᠤᠰᠤᠨ ᠤ ᠣᠷᠴᠢᠨ ᠲᠣᠭᠤᠷᠢᠨ ᠤ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ |