ᠬᠥᠬᠡᠬᠤᠲᠠ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠎ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2019/9/5
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾᠎ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠎ ᠢᠶᠠᠷ ᠵᠥᠪᠰᠢᠶᠡᠷᠡᠭᠦᠯᠦᠭᠡᠳ᠂ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠶᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾᠎ ᠳᠤ ᠲᠣᠭᠲᠠᠭᠠᠭᠰᠠᠨ ᠰᠦᠶᠳᠬᠡᠯ ᠲᠤᠰᠢᠶᠠᠬᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 15 ᠲᠥᠭᠦᠷᠢᠭ ᠨᠡᠮᠡᠬᠦ ᠶᠢᠨ ᠬᠠᠮᠲᠤ 2019 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠎ ᠠᠴᠠ ᠡᠬᠢᠯᠡᠵᠦ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠪᠠ᠃      ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠨᠢ ᠳᠣᠤᠷᠠᠬᠢ ᠮᠡᠲᠦ᠄ ᠪᠦᠬᠦᠯᠢ 18 ᠨᠠᠰᠤ ᠬᠦᠷᠦᠭᠰᠡᠨ ᠰᠤᠷᠭᠠᠭᠤᠯᠢ ᠳᠤ ᠰᠠᠭᠤᠵᠤ ᠪᠠᠶᠢᠭ᠎ᠠ ᠪᠤᠰᠤ ᠬᠤᠲᠠ ᠬᠥᠳᠡᠭᠡ ᠎ ᠶᠢᠨ ᠰᠠᠭᠤᠭᠠᠯᠢ ᠠᠷᠠᠳ ᠪᠣᠯ ᠬᠥᠮᠥᠨ ᠨᠢᠭᠡᠪᠦᠷᠢ ᠵᠢᠯ ᠳᠤ 310 ᠲᠦᠬᠦᠷᠢᠭ ᠪᠠᠶᠢᠵᠤ᠂ ᠲᠣᠰ ᠬᠥᠮᠦᠨ ᠤ ᠲᠥᠷᠥᠭᠰᠡᠨ ᠡᠳᠦᠷ ᠰᠠᠷ᠎ᠠ ᠠᠴᠠ ᠬᠢᠨᠠᠨ ᠲᠣᠭᠲᠠᠭᠠᠭᠰᠠᠨ ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ︵ᠪᠠᠭᠲᠠᠨ᠎ᠠ︶᠎ ᠢᠶᠠᠷ ᠲᠣᠭᠲᠠᠭᠠᠨ᠎ᠠ︔ ᠵᠠᠰᠠᠭ ᠵᠠᠬᠢᠷᠭᠠᠨ ᠤ ᠣᠷᠣᠨ ᠤ ᠬᠤᠲᠠ ᠶᠢᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠎ ᠶᠢᠨ ᠰᠤᠷᠤᠭᠴᠢ᠂ ᠴᠡᠴᠡᠷᠯᠢᠭ ᠤᠨ ᠬᠡᠦᠬᠡᠳ᠂ ᠪᠦᠬᠦᠯᠢ 18 ᠨᠠᠰᠤ ᠬᠦᠷᠦᠭᠡᠳᠦᠢ ᠰᠤᠷᠠᠭᠠᠭᠤᠯᠢ ᠳᠤ ᠰᠠᠭᠤᠵᠤ ᠪᠠᠶᠢᠭ᠎ᠠ ᠪᠤᠰᠤ ᠪᠠᠭᠠᠴᠤᠳ ᠬᠡᠦᠬᠡᠳ᠂ ᠨᠢᠯᠬ᠎ᠠ ᠬᠡᠦᠬᠡᠳ ︵ᠬᠥᠩᠭᠡᠵᠢᠭᠡᠳᠦᠶ ᠬᠡᠦᠬᠡᠳ ᠪᠠᠭᠲᠠᠨ᠎ᠠ︶ ᠪᠣᠯ ᠬᠥᠮᠥᠨ ᠨᠢᠭᠡᠪᠦᠷᠢ ᠵᠢᠯ ᠳᠤ 250 ᠲᠥᠭᠦᠷᠢᠭ ᠪᠣᠯᠣᠨ᠎ᠠ︔ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦ ᠳᠠᠭᠠᠳᠬᠠᠯ ᠎ ᠳᠤ ᠣᠷᠣᠯᠴᠠᠭᠰᠠᠨ ᠰᠠᠭᠤᠭᠠᠯᠢ ᠠᠷᠠᠳ ᠪᠣᠯ ᠬᠥᠮᠥᠨ ᠨᠢᠭᠡᠪᠦᠷᠢ ᠵᠢᠯ ᠳᠤ 150 ᠲᠥᠭᠦᠷᠢᠭ᠂ ᠵᠥᠷᠢᠶᠡᠲᠦ ᠲᠣᠭᠠᠨ ᠎ ᠤ ᠬᠡᠰᠡᠭ ᠢ ᠬᠤᠲᠠ ᠪᠠ ᠬᠤᠰᠢᠭᠤ ᠰᠢᠶᠠᠨ 1᠄ 1᠎ ᠶᠢᠨ ᠬᠠᠷᠢᠴᠠᠯ ᠢᠶᠠᠷ ᠵᠠᠷᠤᠳᠠᠯ ᠨᠥᠬᠦᠪᠥᠷᠢᠯᠡᠨ ᠲᠤᠰᠢᠶᠠᠨ᠎ᠠ᠂ ᠡᠭᠦᠨ ᠳᠤ ᠪᠦᠬᠦᠯᠢ 60 ᠨᠠᠰᠤ ᠬᠦᠷᠦᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠲᠤᠳᠤᠷᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠬᠤᠲᠠ ᠪᠠᠯᠭᠠᠰᠤ ᠶᠢᠨ ︽ᠭᠤᠷᠪᠠ ᠥᠬᠡᠶ︾ ᠬᠥᠮᠦᠰ᠂ ᠬᠥᠳᠡᠭᠡ ᠲᠣᠰᠬᠤᠨ ᠤ ︽ᠲᠠᠪᠤᠨ ᠪᠠᠲᠤᠯᠠᠭ᠎ᠠ︾ ᠬᠦᠷᠲᠡᠭᠰᠡᠳ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠬᠦᠨᠳᠦ ᠵᠡᠮᠳᠡᠭ ︵ᠨᠢᠭᠡ᠂ ᠬᠤᠶᠠᠳᠤᠭᠠᠷ ᠳᠡᠰ︶ ᠰᠠᠭᠤᠭᠠᠯᠢ ᠠᠷᠠᠳ᠂  ᠰᠤᠷᠠᠭᠠᠭᠤᠯᠢ ︵ᠴᠡᠴᠡᠷᠯᠢᠭ︶᠎ ᠳᠤ ᠰᠠᠭᠤᠵᠤ ᠪᠠᠶᠢᠭ᠎ᠠ ᠬᠡᠦᠬᠡᠳ ᠵᠢᠴᠢ ᠪᠦᠬᠦᠯᠢ 18 ᠨᠠᠰᠤᠨ ᠠᠴᠠ ᠳᠣᠷᠣᠭᠰᠢᠬᠢ ᠰᠤᠷᠭᠠᠭᠤᠯᠢ ᠳᠤ ᠰᠠᠭᠤᠵᠤ ᠪᠠᠶᠢᠭ᠎ᠠ ᠪᠤᠰᠤ ᠪᠠᠭᠠᠴᠤᠳ ᠬᠡᠦᠭᠡᠳ ᠤᠨ ᠲᠤᠲᠤᠷᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠬᠤᠲᠠ ᠪᠠᠯᠭᠠᠰᠤ ᠶᠢᠨ ︽ᠭᠤᠷᠪᠠ ᠥᠬᠡᠶ︾ ᠬᠥᠮᠦᠰ᠂ ᠬᠥᠳᠡᠭᠡ ᠲᠣᠰᠬᠤᠨ ᠤ ︽ᠲᠠᠪᠤᠨ ᠪᠠᠲᠤᠯᠠᠭ᠎ᠠ︾ ᠬᠦᠷᠲᠡᠭᠰᠡᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠥᠨᠥᠴᠢᠨ ᠬᠡᠦᠬᠡᠳ︔ ᠳᠡᠭᠡᠳᠦ ᠰᠤᠷᠭᠠᠭᠤᠯᠢ ᠠᠴᠠ ᠵᠠᠷᠤᠳᠠᠯ ᠲᠤᠰᠢᠶᠠᠬᠤ ᠳᠤ ᠦᠨᠡᠬᠡᠷ ᠬᠦᠴᠢᠷᠲᠡᠶ ᠭᠡᠵᠦ ᠮᠠᠭᠠᠳᠯᠠᠨ ᠲᠣᠭᠲᠠᠭᠠᠭᠰᠠᠨ ᠤᠶᠤᠲᠠᠳ ᠎ ᠤᠨ ᠬᠤᠪᠢ ᠬᠥᠮᠦᠨ ᠤ ᠲᠤᠰᠢᠶᠠᠬᠤ ᠶᠣᠰᠣᠲᠠᠶ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠣᠯ ᠰᠠᠭᠤᠵᠤ ᠪᠠᠶᠢᠭ᠎ᠠ ᠳᠡᠭᠡᠳᠦ ᠰᠤᠷᠭᠠᠭᠤᠯᠢ ᠨᠢ ᠡᠭᠦᠷᠭᠡᠯᠡᠨ᠎ᠡ︔ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠬᠡᠰᠡᠭ ᠲᠤ ᠲᠤᠬᠠᠶ ᠎ ᠶᠢᠨ ᠭᠠᠵᠠᠷ ᠤᠨ ᠡᠳ᠋ ᠤᠨ ᠵᠠᠰᠠᠭ ᠠᠴᠠ ᠨᠥᠬᠦᠪᠥᠷᠢ ᠣᠯᠭᠤᠨ᠎ᠠ︔ ᠰᠤᠷᠠᠭᠠᠭᠤᠯᠢ ︵ᠴᠡᠴᠡᠷᠯᠢᠭ︶᠎ ᠳᠤ ᠰᠠᠭᠤᠵᠤ ᠪᠠᠶᠢᠭ᠎ᠠ ᠬᠡᠦᠬᠡᠳ ᠢ ᠭᠠᠷᠭᠠᠪᠠᠯ᠂ ᠲᠤᠰ ᠬᠤᠲᠠ ᠳᠤ ᠣᠷᠣᠰᠢᠨ ᠰᠠᠭᠤᠬᠤ ᠦᠨᠡᠮᠯᠡᠯ ᠲᠠᠢ ᠲᠤᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠪᠤᠰᠤ ᠰᠠᠭᠤᠭᠠᠯᠢ ᠠᠷᠠᠳ ᠪᠣᠯ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠣᠰᠣᠭᠠᠷ ᠬᠤᠪᠢ ᠬᠥᠮᠦᠨ ᠤ ᠡᠮ ᠡᠮᠨᠡᠯᠡᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠵᠤ᠂ ᠲᠤᠰ ᠬᠤᠲᠠ ᠳᠤ ᠣᠷᠣᠰᠢᠨ ᠰᠠᠭᠤᠬᠤ ᠦᠨᠡᠮᠯᠡᠯ ᠥᠬᠡᠶ ᠲᠤᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠪᠤᠰᠤ ᠰᠠᠭᠤᠭᠠᠯᠢ ᠠᠷᠠᠳ ᠪᠣᠯ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠣᠰᠣᠭᠠᠷ ᠬᠤᠪᠢ ᠬᠥᠮᠦᠨ ᠤ ᠡᠮᠴᠢᠯᠡᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠬᠤ ᠎ ᠠᠴᠠ ᠭᠠᠳᠠᠨ᠎ᠠ᠂ ᠪᠠᠰᠠ ᠬᠤᠪᠢ ᠬᠥᠮᠦᠨ ᠨᠢ ᠡᠯ᠎ᠡ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢᠯᠡᠵᠦ ᠪᠠᠶᠢᠭ᠎ᠠ ᠬᠡᠰᠡᠭ ᠢ ᠭᠦᠶᠴᠡᠳ ᠲᠤᠭ᠎ᠠ ᠪᠠᠷ ᠲᠤᠰᠢᠶᠠᠬᠤ ᠪᠦᠭᠡᠳ 2020 ᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠬᠡᠰᠡᠭ ᠢ ᠬᠥᠮᠦᠨ ᠨᠢᠭᠡᠪᠦᠷᠢ 520 ᠲᠥᠭᠦᠷᠢᠭ ᠢᠶᠠᠷ ᠲᠤᠰᠢᠶᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号