ᠪᠠᠶᠠᠨᠨᠠᠭᠤᠷ ᠬᠤᠲᠠ ᠭᠡᠷ ᠤᠨ ᠠᠵᠤ ᠠᠮᠢᠳᠤᠷᠠᠯ ᠨᠢ ᠬᠦᠴᠢᠷᠳᠡᠯᠲᠡᠶ 730 ᠨᠡᠷᠡᠰ ᠰᠤᠷᠤᠭᠴᠢ ᠳᠤ 730 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2019/9/5
     ᠣᠶᠢᠷ᠎ᠠ ᠳᠤ᠂ ᠪᠠᠶᠠᠨᠨᠠᠭᠤᠷ ᠬᠤᠲᠠ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠤᠬᠡᠳ᠂ ᠥᠨᠥᠴᠢᠨ ᠬᠡᠤᠬᠡᠳ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠳᠡᠪᠰᠢᠭᠰᠡᠨ ᠰᠤᠷᠭᠠᠭᠤᠯᠢ ᠳᠤ ᠣᠷᠣᠬᠤ ᠶᠢ ᠲᠤᠰᠠᠯᠠᠬᠤ ᠨᠢᠭᠡᠳᠦᠭᠡᠷ ᠪᠦᠯᠦᠭ ᠤᠨ ᠪᠠᠯᠠ ᠮᠥᠩᠭᠦ 730 ᠲᠦᠮᠡᠨ ᠲᠥᠭᠦᠷᠢᠭ ᠲᠠᠷᠬᠠᠭᠠᠵᠤ᠂ 730 ᠨᠡᠷᠡᠰ ᠰᠤᠷᠤᠭᠴᠢ ᠳᠤ ᠠᠰᠢᠭ ᠬᠦᠷᠲᠡᠭᠡᠪᠡ᠂ ᠡᠭᠦᠨ ᠳᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠤᠬᠡᠳ 620᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠡᠤᠬᠡᠳ 97᠂ ᠥᠨᠥᠴᠢᠨ ᠬᠡᠤᠬᠡᠳ 13 ᠪᠣᠶ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠳᠠᠩᠰᠠ ᠪᠠ ᠺᠠᠷᠲ ᠎ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠤᠬᠡᠳ᠂ ᠥᠨᠥᠴᠢᠨ ᠬᠡᠤᠬᠡᠳ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠭᠠᠳ ᠨᠥᠬᠦᠴᠡᠯ ᠳᠤ ᠨᠡᠶᠢᠴᠡᠬᠦ ᠰᠤᠷᠤᠭᠴᠢ ︵ᠪᠡᠯᠡᠳᠬᠡᠯ ᠠᠩᠭᠢ ᠶᠢᠨ ᠰᠤᠷᠤᠭᠴᠢ ᠪᠠᠭᠲᠠᠨ᠎ᠠ︶᠎ ᠳᠤ ᠰᠤᠷᠤᠯᠭ᠎ᠠ ᠶᠢᠨ ᠣᠨ ᠪᠦᠷᠢ 1 ᠲᠦᠮᠡᠨ ᠲᠥᠭᠦᠷᠢᠭ ᠤᠨ ᠲᠤᠰᠠᠯᠠᠮᠵᠢ ᠬᠦᠷᠲᠡᠭᠡᠬᠦ ᠪᠥᠭᠡᠳ ᠨᠡᠶᠢᠲᠡ 4 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ︔ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠪᠤᠶᠤ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠦᠨᠳᠦᠷ ᠵᠡᠷᠭᠡ ᠶᠢᠨ ᠲᠤᠰᠬᠠᠶ ᠮᠡᠷᠭᠡᠵᠢᠯ ᠤᠨ ᠲᠥᠷᠥᠯ ᠤᠨ ᠰᠤᠷᠤᠭᠴᠢᠳ ᠢ ᠰᠤᠷᠤᠯᠭ᠎ᠠ ᠶᠢᠨ ᠣᠨ ᠪᠦᠷᠢ 1 ᠲᠦᠮᠡᠨ ᠲᠥᠭᠦᠷᠢᠭ ᠢᠶᠠᠷ ᠲᠤᠰᠠᠯᠠᠬᠤ ᠪᠥᠭᠡᠳ ᠨᠡᠶᠢᠲᠡ 3 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃      2019 ᠣᠨ ᠳᠤ᠂ ᠪᠠᠶᠠᠨᠨᠠᠭᠤᠷ ᠬᠤᠲᠠ 334 ᠨᠡᠷᠡᠰ ᠰᠢᠨ᠎ᠡ ᠣᠶᠤᠲᠠᠳ ᠲᠤ ᠰᠤᠷᠭᠠᠭᠤᠯᠢ ᠳᠤ ᠣᠷᠣᠬᠤ ᠵᠠᠮ ᠬᠠᠷᠢᠯᠴᠠᠭᠠᠨ ᠤ ᠵᠠᠷᠤᠳᠠᠯ ᠵᠢᠴᠢ ᠰᠤᠷᠭᠠᠭᠤᠯᠢ ᠳᠤ ᠣᠷᠣᠭᠰᠠᠨ ᠤ ᠳᠠᠷᠠᠭᠠᠬᠢ ᠣᠬᠤᠷ ᠬᠤᠭᠤᠴᠠᠭᠠᠨ ᠤ ᠠᠮᠢᠳᠤᠷᠠᠯ ᠤᠨ ᠵᠠᠷᠤᠳᠠᠯ ᠢ 20.6 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠂ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠤᠭᠰᠠᠳ 256 ᠨᠡᠷᠡᠰ ᠪᠠᠶᠢᠵᠤ᠂ ᠰᠤᠷᠤᠭᠴᠢ ᠪᠦᠷᠢ ᠶᠢ 500 ᠲᠥᠭᠦᠷᠢᠭ ᠢᠶᠠᠷ ᠲᠤᠰᠠᠯᠠᠪᠠ︔ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠤᠭᠰᠠᠳ 78 ᠨᠡᠷᠡᠰ ᠪᠠᠶᠢᠵᠤ᠂ ᠰᠤᠷᠤᠭᠴᠢ ᠪᠦᠷᠢ ᠶᠢ 1000 ᠲᠥᠭᠦᠷᠢᠭ ᠢᠶᠠᠷ ᠲᠤᠰᠠᠯᠠᠪᠠ᠃ ᠲᠣᠰ ᠵᠦᠢᠯ ᠤᠨ ᠪᠠᠯᠠ ᠮᠥᠩᠭᠦ ᠪᠣᠯ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠲᠥᠪ ᠤᠨ ᠲᠤᠰᠬᠠᠶ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠤᠷ᠎ᠠ ᠪᠣᠷᠤᠭ᠎ᠠ ᠲᠥᠯᠥᠪᠯᠡᠭᠡ ᠶᠢᠨ ᠲᠤᠰᠬᠠᠶ ᠪᠠᠯᠠ ᠮᠥᠩᠭᠦ ᠪᠣᠯᠣᠨ᠎ᠠ᠂ ᠲᠤᠰᠬᠠᠶᠢᠯᠠᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠣᠭᠰᠠᠨ ᠭᠡᠷ ᠤᠨ ᠠᠮᠢᠳᠤᠷᠠᠯ ᠨᠢ ᠬᠦᠴᠢᠷᠳᠡᠯᠲᠡᠶ ᠰᠢᠨ᠎ᠡ ᠰᠤᠷᠤᠭᠴᠢᠳ ᠲᠤ ᠰᠤᠷᠭᠠᠭᠤᠯᠢ ᠳᠤ ᠣᠴᠢᠬᠤ ᠵᠠᠮ ᠬᠠᠷᠢᠯᠴᠠᠭᠠᠨ ᠤ ᠵᠠᠷᠤᠳᠠᠯ ᠵᠢᠴᠢ ᠰᠤᠷᠭᠠᠭᠤᠯᠢ ᠳᠤ ᠣᠷᠣᠭᠰᠠᠨ ᠤ ᠳᠠᠷᠠᠭᠠᠬᠢ ᠣᠬᠤᠷ ᠬᠤᠭᠤᠴᠠᠭᠠᠨ ᠤ ᠠᠮᠢᠳᠤᠷᠠᠯ ᠤᠨ ᠵᠠᠷᠤᠳᠠᠯ ᠢ ᠨᠢ ᠰᠢᠢᠳᠪᠦᠷᠢᠯᠡᠵᠦ ᠥᠭᠳᠡᠭ᠃ ᠣᠳᠣᠬᠠᠨ ᠳᠤ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠬᠠᠩᠬᠢᠨ ᠬᠤᠶᠢᠲᠤ ᠬᠤᠰᠢᠭᠤ᠂ ᠦᠶᠤᠸᠠᠨ᠂ ᠳ᠋ᠧᠩᠺᠧᠤ ᠵᠡᠷᠭᠡ 5 ᠬᠤᠰᠢᠭᠤ ᠰᠢᠶᠠᠨ ᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠢᠨ᠎ᠡ ᠣᠶᠤᠲᠠᠳ ᠲᠤᠰ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号