ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠢ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠳᠤ ᠲᠠᠷᠬᠠᠭᠠᠪᠠ
ᠨᠡᠶᠢᠲᠡᠯᠡᠭᠰᠡᠨ ᠴᠠᠭ᠄
2019/9/5
     ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠬᠠᠮᠲᠤᠷᠠᠨ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠤᠨ ᠠᠩᠬ᠎ᠠ ᠲᠠᠷᠬᠠᠭᠠᠬᠤ ᠶᠣᠰᠣᠯᠠᠯ ᠯᠢᠶᠠᠩᠴᠧᠩ ᠰᠢᠶᠠᠨ ᠳᠤ ᠶᠠᠪᠤᠭᠳᠠᠪᠠ᠃ ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠭᠤᠤᠯ ᠰᠡᠳᠦᠪᠲᠦ ᠺᠠᠷᠲ ᠤᠨ ᠲᠦᠷᠦᠭᠦᠤ ᠪᠦᠯᠦᠭ ᠤᠨ ᠬᠡᠷᠡᠭᠯᠡᠭᠴᠢ ᠶᠢᠨ ᠲᠥᠯᠥᠭᠡᠯᠡᠭᠴᠢ ᠳᠤ ᠲᠤᠬᠠᠶ ᠶᠢᠨ ᠲᠠᠯᠠᠪᠠᠢ ᠳᠤ ᠺᠠᠷᠲ ᠣᠯᠭᠤᠪᠠ᠃      ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠨᠢ ᠪᠠᠩᠬᠢ ᠶᠢᠨ ᠬᠤᠯᠪᠣᠭ᠎ᠠ ᠪᠣᠯᠤᠨ ᠲᠠᠷᠢᠶᠠᠯᠠᠩ ᠤᠨ ᠪᠠᠩᠬᠢ ᠶᠢᠨ ᠡᠬᠢ ᠪᠠᠶᠠᠯᠢᠭ ᠢ ᠨᠢᠭᠡᠳᠬᠡᠵᠦ᠂ ᠲᠠᠷᠢᠶᠠᠴᠢᠳ ᠲᠤ ᠥᠷᠲᠡᠭ ᠤᠨ ᠨᠡᠮᠡᠭᠳᠡᠯ ᠪᠦᠬᠦᠢ ᠣᠯᠠᠨ ᠵᠦᠶᠯ ᠤᠨ ᠦᠶᠯᠡᠴᠢᠯᠡᠭᠡ ᠶᠢ ᠲᠣᠭᠲᠠᠭᠠᠵᠤ ᠥᠭᠴᠡᠶ᠃ ᠡᠩ ᠲᠡᠷᠢᠭᠦᠨ ᠳᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠲᠠᠢ ᠬᠠᠷᠢᠴᠠᠭᠠᠨ ᠤ ᠡᠷᠦᠬᠡ ᠵᠢᠭᠡᠯᠡᠯᠭᠡ ᠭᠤᠶᠤᠴᠢᠯᠠᠬᠤ ᠳᠤ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ᠂ ᠬᠦᠤ ᠮᠥᠩᠭᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠬᠦ᠂ ᠬᠤᠭᠤᠴᠠᠭ᠎ᠠ ᠬᠢᠵᠠᠭᠠᠷᠯᠠᠨ ᠭᠦᠶᠴᠡᠳᠬᠡᠵᠦ ᠳᠠᠭᠤᠰᠬᠠᠬᠤ ᠵᠡᠷᠭᠡ ᠰᠢᠯᠤᠭᠤᠬᠠᠨ ᠪᠡᠶᠡᠯᠡᠭᠦᠯᠬᠦ ᠲᠤᠰᠬᠠᠶ ᠦᠶᠯᠡᠴᠢᠯᠡᠭᠡ ᠬᠦᠷᠲᠡᠭᠡᠨ᠎ᠡ︔  ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠨᠢ ᠬᠦᠤ ᠮᠥᠩᠭᠦ ᠶᠢᠨ ᠨᠣᠷᠮ᠎ᠠ ᠪᠤᠶᠤ ᠶᠢᠰᠦ ᠨᠤᠭᠤᠯᠵᠤ ᠪᠤᠳᠤᠬᠤ ᠬᠦᠤ ᠮᠥᠩᠭᠦ ᠶᠢᠨ ᠨᠣᠷᠮ᠎ᠠ ᠪᠦᠬᠦᠢ ᠵᠢᠭᠡᠯᠡᠯᠭᠡ ᠶᠢᠨ ᠬᠠᠷᠠᠭᠠᠯᠵᠠᠯ ᠢ ᠬᠦᠷᠲᠡᠵᠦ ᠪᠣᠯᠤᠨ᠎ᠠ᠃ ᠡᠭᠦᠨ ᠤ ᠬᠠᠮᠲᠤ᠂ ᠲᠠᠷᠢᠶᠠᠯᠠᠩ ᠤᠨ ᠪᠠᠩᠬᠢ ᠶᠢᠨ ︽ᠮᠢᠩᠭᠠᠨ ᠰᠢᠶᠠᠩ ᠪᠠᠯᠭᠠᠰᠤᠨ ᠳᠤ ᠲᠠᠷᠢᠶᠠᠯᠠᠩ ᠤᠨ ᠪᠠᠩᠬᠢ ᠶᠢᠨ ᠶᠠᠳᠠᠭᠤ ᠠᠴᠠ ᠠᠩᠭᠢᠵᠢᠷᠠᠭᠤᠯᠬᠤ ᠬᠦᠳᠡᠯᠦᠩᠭᠦᠢ ᠪᠠᠷ ᠦᠢᠯᠡᠴᠢᠯᠡᠬᠦ ᠨᠠᠮ ᠤᠨ ᠭᠡᠰᠢᠭᠦᠨ ᠤ ᠬᠤᠰᠢᠭᠤᠴᠢ ᠠᠩᠭᠢ ᠲᠣᠮᠢᠯᠠᠬᠤ ᠪᠠ ᠲᠦᠮᠡᠨ ᠵᠠᠰᠠᠭ ᠵᠠᠬᠢᠷᠭᠠᠨ ᠤ ᠲᠤᠰᠬᠤᠨ ᠢ ᠵᠠᠭᠤᠨ ᠳ᠋ᠦᠩᠰᠢᠭᠤᠷ ᠲᠦᠭᠦᠷᠢᠭ ᠢᠶᠠᠷ ᠲᠤᠰᠠᠯᠠᠬᠤ︾ ᠠᠵᠢᠯᠯᠠᠭᠠᠨ ᠤ ᠲᠥᠯᠥᠪᠯᠡᠭᠡ ᠲᠠᠢ ᠤᠶᠠᠯᠳᠤᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠲᠠᠢ ᠮᠠᠯᠴᠢᠨ ᠲᠠᠷᠢᠶᠠᠴᠢᠨ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠨᠢ ᠪᠠᠰᠠ ᠪᠠᠩᠬᠢ ᠶᠢᠨ ᠬᠤᠯᠪᠣᠭ᠎ᠠ ᠶᠢᠨ ᠡᠭᠦᠯᠡᠨ ᠲᠠᠪᠴᠠᠩ ᠤᠨ ᠰᠢᠭᠤᠷᠬᠠᠢ ᠲᠤᠭᠠᠴᠠᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠬᠡᠷᠡᠭᠯᠡᠭᠴᠢ ᠦᠢᠯᠡᠴᠢᠯᠡᠭᠦᠷ ᠫᠷᠦᠭᠷᠡᠮ ᠢᠶᠠᠷ ᠳᠠᠩᠰᠠ ᠰᠢᠯᠵᠢᠭᠦᠯᠬᠦ᠂ ᠲᠣᠭᠠᠴᠠᠭ᠎ᠠ ᠬᠢᠬᠦ᠂ ᠬᠥᠷᠥᠩᠭᠡ ᠮᠥᠩᠭᠦ ᠠᠬᠤᠶᠢᠯᠠᠬᠤ ᠵᠡᠷᠭᠡ ᠦᠶᠯᠡᠴᠢᠯᠡᠭᠡ ᠬᠠᠩᠭᠠᠵᠤ᠂ ᠬᠤᠵᠢᠮ ᠪᠠᠰᠠ ᠰᠦᠯᠵᠢᠶ᠎ᠡ ᠪᠠᠷ ᠵᠢᠭᠡᠯᠡᠯᠭᠡ ᠭᠤᠶᠤᠴᠢᠯᠠᠬᠤ᠂ ᠰᠦᠯᠵᠢᠶ᠎ᠡ ᠪᠠᠷ ᠵᠢᠭᠡᠯᠡᠯᠭᠡ ᠪᠤᠴᠠᠭᠠᠬᠤ ᠵᠡᠷᠭᠡ ᠣᠯᠠᠨ ᠵᠦᠶᠯ ᠤᠨ ᠣᠨᠴᠠᠯᠢᠭᠲᠤ ᠦᠶᠯᠡᠴᠢᠯᠡᠭᠡ ᠬᠠᠩᠭᠠᠬᠤ ᠪᠣᠯᠤᠨ᠎ᠠ᠃ ᠳᠠᠷᠠᠭ᠎ᠠ ᠳᠤ ᠨᠢ᠂ ᠰᠦᠶᠳᠬᠡᠯ ᠬᠤᠷᠢᠶᠠᠬᠤ ᠦᠭᠡᠢ ᠣᠯᠠᠨ ᠵᠦᠶᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠠᠪᠤᠨ ᠵᠦᠢᠯ ᠤᠨ ᠵᠠᠷᠤᠳᠠᠯ ᠢ ᠪᠦᠬᠦᠨ ᠢ ᠬᠡᠯᠲᠦᠷᠢᠭᠦᠯᠵᠡᠢ᠂ ᠲᠣᠬᠠᠶᠢᠯᠠᠪᠠᠯ ᠣᠷᠣᠨ ᠪᠦᠰᠡ ᠠᠯᠤᠰᠯᠠᠨ ᠵᠤᠭᠤᠰ ᠭᠠᠷᠭᠠᠵᠤ ᠠᠪᠬᠤ ᠭᠠᠷ ᠭᠦᠶᠴᠡᠳᠬᠡᠯ ᠤᠨ ᠵᠠᠷᠤᠳᠠᠯ᠂ ᠪᠠᠩᠬᠢ ᠠᠯᠤᠰᠯᠠᠨ ᠵᠤᠭᠤᠰ ᠭᠠᠷᠭᠠᠵᠤ ᠠᠪᠬᠤ ᠭᠠᠷ ᠭᠦᠶᠴᠡᠳᠬᠡᠯ ᠤᠨ ᠵᠠᠷᠤᠳᠠᠯ᠂ ᠣᠬᠤᠷ ᠴᠢᠮᠡᠭᠡᠨ ᠤ ᠦᠶᠯᠡᠴᠢᠯᠡᠭᠡᠨ ᠤ ᠵᠠᠷᠤᠳᠠᠯ ᠵᠡᠷᠭᠡ ᠶᠢ ᠬᠡᠯᠲᠦᠷᠢᠭᠦᠯᠵᠣ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠶᠯᠡᠴᠢᠯᠡᠬᠦ ᠬᠥᠭᠦᠷᠭᠡ ᠶᠢ ᠪᠠᠶᠢᠭᠤᠯᠪᠠ᠃ ᠣᠶᠢᠷ᠎ᠠ ᠶᠢᠨ ᠬᠤᠭᠤᠴᠠᠭᠠᠨ ᠳᠤ ᠥᠷᠭᠡᠨ ᠣᠯᠠᠨ ᠮᠠᠯᠴᠢᠨ ᠲᠠᠷᠢᠶᠠᠴᠢᠨ ᠲᠠᠷᠢᠶᠠᠯᠠᠩ ᠤᠨ ᠪᠠᠩᠬᠢ ᠶᠢᠨ ᠲᠣᠤᠷ ᠰᠦᠯᠵᠢᠶ᠎ᠡ ᠪᠠᠷ ᠳᠠᠮᠵᠢᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾᠎ ᠢ ᠭᠤᠶᠤᠴᠢᠯᠠᠨ ᠠᠪᠬᠤ ᠲᠤᠰᠬᠠᠶ ᠡᠷᠬᠡ ᠠᠰᠢᠭ ᠤᠨ ᠦᠶᠯᠡᠴᠢᠯᠡᠭᠡ ᠬᠦᠷᠲᠡᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号