ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠠᠯᠠᠱᠠ ᠠᠶᠢᠮᠠᠭ ᠤᠨ ᠰᠣᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠡᠭᠦᠯ ᠪᠥᠭᠡᠳ ᠡᠮᠬᠢ | ᠵᠢᠷᠤᠮ ᠲᠠᠢ ᠬᠥᠭᠵᠢᠬᠦ ᠶᠢ ᠦᠨᠡᠨ ᠬᠦ ᠠᠬᠢᠭᠤᠯᠬᠤ ᠶᠢᠨ ᠲᠤᠰᠠᠳᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠲᠣᠬᠠᠢ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠠᠯᠠᠱᠠ | ᠠᠶᠢᠮᠠᠭ ᠤᠨ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ | ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠨ ᠬᠡᠷᠡᠭᠵᠢᠭᠦᠯᠵᠦ᠂ ᠰᠣᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠨ᠂ ᠴᠡᠴᠡᠷᠯᠢᠭ ᠡᠷᠬᠢᠯᠡᠬᠦ ᠪᠦᠲᠦᠴᠡ ᠶᠢ ᠲᠣᠬᠢᠷᠠᠭᠤᠯᠵᠣ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠢᠶᠠᠷ ᠭᠤᠣᠯ ᠪᠣᠯᠭᠠᠭᠰᠠᠨ ᠴᠡᠴᠡᠷᠯᠢᠭ ᠡᠷᠬᠢᠯᠡᠬᠦ ᠰᠢᠰᠲ᠋ᠧᠮ ᠢ | ᠬᠦᠴᠦᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠬᠥᠭᠵᠢᠯᠲᠡ ᠶᠢ ᠶᠡᠬᠡᠪᠡᠷ ᠳᠡᠮᠵᠢᠵᠡᠢ᠃ 2019 ᠣᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ 409 ᠲᠦᠮᠡᠨ ᠲᠥᠭᠦᠷᠢᠭ ᠤᠨ ᠲᠡᠳᠬᠦᠨ ᠳᠡᠮᠵᠢᠬᠦ ᠪᠡᠯᠡ | ᠣᠷᠣᠭᠤᠯᠪᠠ᠃ ᠡᠭᠦᠨ ᠳᠤ᠄ ᠠᠯᠠᠱᠨ ᠵᠡᠭᠦᠨ ᠬᠤᠰᠢᠭᠤᠨ ᠳᠤ 290 ᠲᠦᠮᠡᠨ ᠲᠥᠭᠦᠷᠢᠭ᠂ ᠡᠵᠡᠨ᠎ᠡ | ᠬᠤᠰᠢᠭᠤᠨ ᠳᠤ 89 ᠲᠦᠮᠡᠨ ᠲᠥᠭᠦᠷᠢᠭ᠂ ᠳᠡᠭᠡᠳᠣ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ 30 | ᠲᠦᠮᠡᠨ ᠲᠥᠭᠦᠷᠢᠭ ᠤᠷᠤᠭᠤᠯᠵᠡᠢ᠃ ᠪᠠᠯᠠ ᠮᠥᠩᠭᠦ ᠶᠢ ᠭᠤᠤᠯᠳᠠᠭᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ | ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠲᠤᠬᠠᠶᠢᠯᠠᠭᠰᠠᠨ ᠠᠵᠢᠯ ᠬᠢᠭᠡᠳ | ᠬᠠᠮᠢᠶᠠᠷᠤᠯᠲᠠ᠂ ᠪᠠᠭᠰᠢ ᠶᠢᠨ ᠪᠣᠯᠪᠠᠰᠤᠷᠠᠭᠤᠯᠤᠯ᠂ ᠴᠡᠴᠡᠷᠯᠢᠭ ᠤᠨ ᠣᠷᠣᠨ ᠰᠠᠭᠤᠴᠠ ᠶᠢ ᠵᠠᠰᠠᠨ ᠰᠡᠯᠪᠢᠬᠦ᠂ | ᠲᠤᠨᠤᠭ ᠲᠥᠬᠦᠭᠡᠷᠦᠮᠵᠢ ᠵᠢᠴᠢ ᠪᠢᠴᠢᠭ ᠮᠠᠲ᠋ᠧᠷᠢᠶᠠᠯ ᠬᠤᠳᠠᠯᠳᠤᠨ ᠠᠪᠬᠤ᠂ ᠲᠣᠭᠯᠠᠭᠠᠮ ᠪᠠ ᠵᠢᠭᠠᠨ ᠰᠤᠷᠭᠠᠯᠲᠠ | ᠶᠢᠨ ᠪᠠᠭᠠᠵᠢ ᠬᠤᠳᠠᠯᠳᠤᠨ ᠠᠪᠬᠤ ᠵᠡᠷᠭᠡ ᠳᠤ ᠬᠡᠷᠡᠭᠯᠡᠵᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠮ | ᠨᠢᠭᠡ ᠠᠯᠬᠤᠮ ᠨᠡᠮᠡᠭᠳᠡᠭᠦᠯᠵᠦ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ | ᠰᠠᠶᠢᠵᠢᠷᠠᠭᠤᠯᠤᠨ᠂ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠣᠷᠴᠢᠨ ᠲᠣᠭᠤᠷᠢᠨ ᠢ ᠳᠡᠭᠡᠭᠰᠢᠯᠡᠭᠦᠯᠵᠦ ᠪᠠᠶᠢᠨ᠎ᠠ᠃ | ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠮᠠᠭᠠᠳᠯᠠᠨ ᠲᠣᠭᠲᠠᠭᠠᠬᠤ ᠵᠢᠴᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠨᠠᠶᠢᠳᠠᠪᠣᠷᠢᠵᠢᠭᠤᠯᠵᠣ᠂ 2019 ᠤᠨ ᠳᠤ 4 ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠵᠠᠢ᠃ ᠣᠳᠣᠬᠠᠨ ᠳᠤ᠂ ᠠᠯᠠᠱᠨ ᠠᠶᠢᠮᠠᠭ ᠤᠨ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ 86.21% ︵ᠪᠥᠬᠦ | ᠠᠶᠢᠮᠠᠭ ᠲᠤ ᠨᠡᠶᠢᠳᠠ 29 ᠬᠡᠦᠬᠡᠳ ᠤᠨ ᠴᠡᠴᠡᠷᠯᠢᠭ ᠪᠣᠶ᠂ ᠡᠭᠦᠨ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠦᠬᠡᠳ ᠤᠨ ᠴᠡᠴᠡᠷᠯᠢᠭ 25᠂ ᠲᠦᠭᠡᠮᠡᠯ ᠬᠠᠷᠠᠭᠠᠯᠵᠠᠯ ᠤᠨ ᠪᠤᠰᠤ ᠴᠢᠨᠠᠷᠳᠠᠢ ᠠᠷᠠᠳ ᠠᠴᠠ ᠡᠷᠬᠢᠯᠡᠭᠰᠡᠨ ᠬᠡᠦᠬᠡᠳ | ᠤᠨ ᠴᠡᠴᠡᠷᠯᠢᠭ 4 ᠪᠣᠶ︶ ᠳᠤ ᠬᠦᠷᠴᠦ᠂ ᠤᠯᠤᠰ ᠠᠴᠠ ᠱᠠᠭᠠᠷᠳᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ ᠶᠢᠨ 2020 ᠣᠨ ᠪᠣᠯᠬᠤ ᠳᠤ 80% ᠳᠤ ᠬᠦᠷᠬᠡᠬᠦᠯᠬᠦ | ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ 2018 ᠣᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠨᠢ 63.13% ᠳᠤ ᠬᠦᠷᠴᠦ᠂ ᠪᠥᠬᠦ ᠣᠷᠣᠨ ᠳᠤ | ᠭᠤᠷᠪᠠᠳᠤᠭᠠᠷ ᠲᠤ ᠪᠠᠶᠢᠷᠢᠯᠠᠵᠤ᠂ ᠤᠯᠤᠰ ᠠᠴᠠ ᠱᠠᠭᠠᠷᠳᠠᠭᠰᠠᠨ 2020 ᠤᠨ ᠪᠣᠯᠬᠤ ᠳᠤ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠨᠢ 50% ᠳᠤ ᠬᠦᠷᠬᠡᠬᠦᠯᠬᠦ | ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ |