9 ᠰᠠᠷ᠎ᠠ ᠶᠢᠨ 6 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠮᠡᠷᠭᠡᠵᠢᠯ ᠤᠨ | ᠰᠢᠯᠵᠢᠭᠦᠯᠦᠯᠳᠡ ᠵᠢᠴᠢ ᠰᠢᠨ᠎ᠠ ᠶᠢ ᠡᠭᠦᠳᠭᠦ ᠬᠠᠮᠳᠤᠷᠠᠯᠴᠠᠭᠠᠨ ᠤ ᠶᠡᠭᠡ ᠬᠤᠷᠠᠯ ᠤᠯᠠᠭᠠᠨᠴᠠᠪ ᠬᠤᠳᠠ ᠳᠤ | ᠶᠠᠪᠤᠬᠳᠠᠪᠠ᠃ | ᠤᠯᠤᠰ ᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ | ᠤᠨ ᠪᠦᠷᠢᠯᠳᠦᠭᠦᠨ ᠯᠦ ᠮᠢᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠮᠤᠩᠭᠤᠯ ᠤᠯᠤᠰ ᠤᠨ | ᠰᠤᠷᠭᠠᠨ ᠬᠦᠮᠦᠵᠢᠯ ᠰᠤᠶᠤᠯ ᠰᠢᠨᠵᠢᠯᠡᠭᠦ ᠤᠬᠠᠭᠠᠨ ᠪᠡᠶ᠎ᠠ ᠶᠢᠨ ᠲᠠᠮᠢᠷ ᠤᠨ ᠶᠠᠮᠤᠨ ᠤ ᠲᠡᠳ᠋ ᠲᠠᠷᠤᠭ᠎ᠠ ᠭᠠᠨᠭ᠍ᠪᠠᠶᠠᠷ᠂ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠪᠠᠶᠠᠷ ᠤᠨ ᠦᠭᠡ ᠬᠡᠯᠡᠵᠠᠢ᠃ | ᠯᠦ ᠮᠢᠩ᠂ ᠮᠠᠨ ᠤ ᠤᠯᠤᠰ ᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ | ᠰᠢᠰᠲ᠋ᠧᠮ᠂ ᠲᠤᠮᠳᠠᠳᠤ ᠮᠤᠩᠭᠤᠯ ᠬᠤᠶᠠᠷ ᠤᠯᠤᠰ ᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠤᠯᠢᠯᠴᠠᠭ᠎ᠠ | ᠬᠠᠮᠳᠤᠷᠠᠯᠴᠠᠭᠠᠨ ᠤ ᠦᠷ᠎ᠠ ᠪᠦᠲᠦᠭᠡᠯ ᠢ ᠲᠠᠨᠢᠯᠴᠠᠭᠤᠯᠪᠠ᠃ ᠲᠡᠷᠡ᠂ ᠲᠤᠮᠳᠠᠳᠤ ᠮᠤᠩᠭᠤᠯ ᠬᠤᠶᠠᠷ ᠤᠯᠤᠰ ᠪᠤᠯ | ᠠᠭᠤᠯᠠ ᠤᠰᠤ ᠪᠠᠷ ᠢᠶᠠᠨ ᠵᠠᠯᠭᠠᠯᠳᠤᠬᠰᠠᠨ ᠰᠠᠶᠢᠨ ᠨᠠᠶᠢᠵᠠ᠂ ᠰᠠᠶᠢᠨ ᠬᠦᠷᠰᠢ᠂ ᠰᠠᠶᠢᠨ ᠬᠠᠨᠢᠳᠠᠨ ᠮᠦᠨ᠂ ᠬᠤᠶᠠᠷ | ᠤᠯᠤᠰ ᠤᠨ ᠬᠢᠨ ᠪᠠᠶᠢᠡᠭᠭᠤ ᠶᠠᠪᠤᠯᠴᠠᠵᠤ᠂ ᠨᠢᠬᠳᠠ ᠬᠠᠷᠢᠯᠴᠠᠵᠦ᠂ ᠪᠡᠯᠴᠢᠭᠡᠷ ᠤᠨ ᠮᠠᠯ ᠠᠵᠦ ᠠᠬᠤᠢ᠂ ᠠᠮᠢ ᠠᠬᠤᠢ | ᠤᠷᠴᠢᠨ ᠲᠤᠭᠤᠷᠢᠨ᠂ ᠠᠮᠢᠳᠤ ᠪᠤᠳᠠᠰ ᠤᠨ ᠡᠮ ᠡᠮᠨᠡᠯᠭᠡ ᠶᠢᠨ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ | ᠴᠢᠨᠠᠭᠰᠢᠳᠠ ᠦᠷᠭᠡᠳᠭᠡᠵᠦ᠂ ᠲᠤᠮᠳᠠᠳᠤ ᠮᠤᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ | ᠬᠠᠷᠢᠯᠴᠠᠭ᠎ᠠ ᠶᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠶᠢ ᠬᠥᠰᠡᠵᠥ ᠪᠤᠢ ᠭᠡᠵᠦ ᠬᠡᠯᠡᠪᠡ᠃ | ᠭᠠᠨᠭ᠍ᠪᠠᠶᠠᠷ᠂ ᠮᠤᠩᠭᠤᠯ ᠤᠯᠤᠰ ᠤᠨ ᠬᠢᠨ ᠲᠤᠮᠳᠠᠳᠤ ᠤᠯᠤᠰ ᠯᠤᠭ᠎ᠠ ᠶᠢᠨ ᠬᠠᠮᠳᠤᠷᠠᠯᠴᠠᠭᠠᠨ ᠤ ᠬᠠᠷᠢᠯᠴᠠᠭ᠎ᠠ | ᠶᠢ ᠮᠠᠰᠢ ᠴᠢᠬᠤᠯᠠᠴᠢᠯᠠᠨ ᠦᠵᠡᠳᠡᠭ᠃ ᠮᠤᠩᠭᠤᠯ ᠤᠯᠤᠰ ᠤᠨ ᠭᠠᠵᠠᠷ ᠨᠤᠳᠤᠭ ᠠᠭᠤᠳᠠᠮ ᠡᠳ᠋ ᠠᠭᠤᠷᠠᠰᠤ ᠪᠠᠶᠠᠯᠢᠭ᠂ | ᠡᠭᠢ ᠪᠠᠶᠠᠯᠢᠭ ᠡᠯᠪᠡᠭ ᠳᠡᠯᠪᠡᠭ᠂ ᠬᠠᠮᠳᠤᠷᠠᠯᠴᠠᠭᠠᠨ ᠤ ᠢᠷᠡᠭᠡᠳᠦᠢ ᠭᠡᠭᠡᠨ ᠰᠠᠷᠠᠭᠤᠯ᠂ ᠮᠤᠩᠭᠤᠯ ᠲᠤᠮᠳᠠᠳᠤ ᠬᠤᠶᠠᠷ | ᠤᠯᠤᠰ ᠤᠨ ᠬᠢᠨ ᠲᠡᠭᠡᠳᠤ ᠰᠢᠨ᠎ᠠ ᠮᠡᠷᠭᠡᠵᠢᠯ ᠤᠨ ᠬᠦᠷᠢᠶᠡᠨ ᠤ ᠬᠠᠮᠳᠤᠷᠠᠯᠴᠠᠭ᠎ᠠ ᠪᠠᠨ ᠦᠷᠭᠡᠳᠭᠡᠵᠦ᠂ ᠰᠢᠨᠵᠢᠯᠡᠭᠦ | ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢᠶᠠᠨ ᠤᠨᠳᠤᠤᠰᠢᠭᠤᠯᠵᠤ ᠠᠰᠢᠡᠡᠯᠠᠬᠤ ᠶᠢ ᠠᠬᠢᠭᠤᠯᠵᠤ᠂ ᠡᠯ᠎ᠠ | ᠵᠦᠢᠯ ᠤᠨ ᠠᠶᠤᠯ ᠲᠦᠭᠰᠢᠭᠦᠷᠢ ᠦᠷᠢᠰᠦᠯᠳᠦᠭᠡᠨ ᠢ ᠬᠠᠮᠳᠤ ᠪᠠᠷ ᠠᠷᠭᠠᠴᠠᠭᠠᠵᠦ᠂ ᠬᠠᠷᠢᠯᠴᠠᠨ ᠠᠰᠢᠬᠳᠠᠢ | ᠬᠠᠮᠳᠤ ᠪᠠᠷ ᠠᠰᠢᠭ ᠬᠦᠷᠳᠡᠭᠦ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ | ᠬᠦᠰᠡᠵᠤ ᠪᠠᠶᠢᠨ᠎ᠠ ᠭᠡᠵᠦ ᠢᠯᠡᠳᠭᠡᠪᠡ᠃ | ᠡᠸᠤ ᠶᠠᠩ ᠰᠢᠶᠤᠤ ᠬᠤᠢ᠂ ᠦᠪᠤᠷ ᠮᠤᠩᠭᠤᠯ ᠪᠤᠯ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠭᠦ | ᠪᠠᠬᠢᠯᠡᠯᠳᠡ᠂ ᠮᠠᠨ ᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠦ | ᠦᠢᠯᠡᠳᠪᠤᠷᠢ ᠶᠢᠨ ᠰᠠᠭᠤᠷᠢᠨ᠂ ᠦᠡᠭᠭᠡᠳᠤ ᠲᠡᠮᠦᠷᠯᠢᠭ ᠢ ᠦᠢᠯᠡᠳᠪᠤᠷᠢᠯᠡᠵᠤ ᠡᠳ᠋ᠰᠢᠭᠦᠯᠵᠤ ᠪᠤᠯᠪᠠᠰᠤᠷᠠᠭᠤᠯᠬᠤ | ᠰᠠᠭᠤᠷᠢᠨ ᠪᠠ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠦᠢᠯᠡᠳᠪᠤᠷᠢᠯᠡᠵᠦ | ᠡᠳ᠋ᠰᠢᠭᠦᠯᠵᠦ ᠪᠤᠯᠪᠠᠰᠤᠷᠠᠭᠤᠯᠬᠤ ᠰᠠᠭᠤᠷᠢᠨ᠂ ᠲᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠬᠢᠭᠡᠳ ᠮᠤᠩᠭᠤᠯ ᠤᠯᠤᠰ ᠤᠨ ︽ᠬᠦᠭᠵᠢᠯᠳᠠ ᠶᠢᠨ ᠵᠠᠮ︾ ᠪᠠᠶᠢᠯᠳᠤᠬᠤ ᠪᠤᠳᠤᠯᠭ᠎ᠠ ᠶᠢᠨ | ᠵᠤᠯᠭᠠᠯᠴᠠᠭᠠᠨ ᠤ ᠴᠢᠬᠤᠯᠠ ᠬᠦᠢᠰᠦ ᠤᠷᠤᠨ ᠮᠦᠨ᠃ ᠦᠪᠤᠷ ᠮᠤᠩᠭᠤᠯ ᠦᠷᠭᠦᠯᠵᠢᠯᠠᠨ ᠮᠤᠩᠭᠤᠯ ᠤᠯᠤᠰ ᠯᠤᠭ᠎ᠠ | ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ | ᠬᠦᠨᠵᠡᠭᠡᠶᠢᠷᠡᠭᠦᠯᠵᠦ᠂ ᠰᠢᠨ᠎ᠠ ᠶᠢ ᠡᠭᠦᠳᠭᠦ ᠬᠦᠭᠵᠢᠯᠳᠠ ᠶᠢᠨ ᠠᠵᠠ ᠲᠤᠬᠢᠶᠠᠯ ᠢ ᠬᠠᠮᠳᠤ ᠪᠠᠷ ᠡᠳ᠋ᠯᠡᠵᠦ᠂ ᠰᠢᠨᠵᠢᠯᠡᠭᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢ ᠪᠠᠨ ᠬᠠᠮᠳᠤ ᠪᠠᠷ ᠲᠡᠭᠡᠭᠰᠢᠯᠡᠭᠦᠯᠵᠦ᠂ ᠬᠦᠮᠦᠨ | ᠲᠦᠷᠦᠯᠭᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠳᠤ ᠰᠢᠨ᠎ᠠ ᠬᠤᠪᠢ ᠨᠡᠮᠡᠷᠢ | ᠦᠵᠡᠭᠦᠯᠦᠨ᠎ᠠ ᠭᠡᠵᠦ ᠵᠢᠭᠠᠵᠦ ᠭᠠᠷᠭᠠᠪᠠ᠃ | ᠬᠤᠷᠠᠯ ᠲᠡᠭᠡᠷ᠎ᠠ᠂ ᠲᠤᠮᠳᠠᠳᠤ ᠮᠤᠩᠭᠤᠯ ᠬᠤᠶᠠᠷ ᠤᠯᠤᠰ ᠤᠨ ᠰᠢᠨᠵᠢᠯᠡᠭᠦ ᠤᠬᠠᠭᠠᠨ ᠤ ᠬᠦᠷᠢᠶᠠᠯᠠᠩ ᠤᠨ | ᠠᠺᠠᠳᠧᠮᠢᠴᠢ ᠶᠢᠨ ᠲᠦᠯᠦᠭᠡᠯᠡᠭᠴᠢ ᠲᠤᠰ ᠲᠤᠰ ᠭᠤᠤᠯ ᠵᠤᠷᠢᠯᠳᠠᠳᠤ ᠮᠡᠳᠡᠭᠦᠯᠦᠯᠳᠡ ᠬᠢᠪᠡ︔ ᠰᠢᠨᠵᠢᠯᠡᠭᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠬᠠᠮᠳᠤᠷᠠᠯᠴᠠᠭᠠᠨ ᠤ 19 ᠲᠦᠷᠦᠯ ᠵᠦᠢᠯ ᠳᠤᠬᠢᠷᠠᠯᠴᠠᠪᠠ᠃ |