ᠪᠦ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠪᠠᠶᠢᠭ᠎ᠠ ᠨᠠᠮ ᠤᠨ ᠡᠭᠦᠷ ᠤᠨ ︽ᠤᠭ ᠰᠠᠨᠠᠭ᠎ᠠ ᠪᠠᠨ ᠦᠯᠦ ᠤᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/9/9
     9 ᠰᠠᠷ᠎ᠠ ᠶᠢᠨ 4᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ︽ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠲᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠤᠬᠠᠮᠰᠠᠷ ᠠᠴᠠ ᠪᠠᠨ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠳᠡᠭᠡᠷ᠎ᠠ᠂ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠱᠦᠵᠢ ᠨᠠᠮ ᠤᠨ ᠡᠭᠦᠷ ᠤᠨ ᠢᠶᠠᠨ ᠡᠮᠦᠨ᠎ᠠ ᠠᠴᠠ ᠠᠰᠠᠭᠤᠲᠠᠯ ᠢ ᠪᠠᠶᠢᠴᠠᠭᠠᠨ ᠰᠢᠨᠵᠢᠬᠦ ᠵᠠᠳᠠᠯᠤᠯᠳᠠ ᠰᠢᠨᠵᠢᠯᠡᠯᠲᠡ ᠬᠢᠭᠰᠡᠨ ᠪᠦᠭᠡᠳ ᠦᠵᠡᠯ ᠰᠠᠨᠠᠭ᠎ᠠ᠂ ᠤᠯᠤᠰ ᠲᠦᠷᠦ᠂ ᠰᠤᠷᠳᠠᠯ᠂ ᠴᠢᠳᠠᠪᠤᠷᠢ᠂ ᠴᠢᠭᠡᠴᠢ ᠵᠠᠰᠠᠭ ᠤᠨ ᠲᠠᠯ᠎ᠠ ᠪᠠᠷ ᠠᠰᠠᠭᠤᠲᠠᠯ ᠤᠨ ᠤᠭ ᠦᠨᠳᠦᠰᠦ ᠶᠢ ᠵᠠᠳᠠᠯᠵᠤ᠂ ᠴᠢᠷᠮᠠᠶᠢᠬᠤ ᠴᠢᠭᠯᠡᠯ ᠪᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠪᠠᠨ ᠳᠤᠳᠤᠷᠬᠠᠶᠢᠯᠠᠪᠠ᠃ ᠨᠠᠮ ᠤᠨ ᠡᠭᠦᠷ ᠤᠨ ᠨᠠᠮ ᠤᠨ ᠭᠡᠰᠢᠬᠦᠨ ᠺᠠᠳ᠋ᠷᠴᠤᠳ ᠭᠤᠤᠯ ᠰᠡᠳᠦᠪ ᠤᠨ ᠲᠤᠭᠤᠷᠢᠨ ᠳᠤ ᠬᠤᠪᠢ ᠬᠦᠮᠦᠨ ᠤ ᠪᠠᠶᠢᠴᠠᠭᠠᠯᠲᠠ ᠵᠠᠳᠠᠯᠤᠯᠳᠠ ᠬᠢᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠠᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠵᠢᠯᠤᠭᠤᠳᠬᠤ ᠳᠤᠭᠤᠶᠢᠯᠠᠩ ᠪᠦᠬᠦ ᠶᠠᠪᠤᠴᠠ ᠳᠤ ᠤᠷᠤᠯᠴᠠᠭᠰᠠᠨ ᠪᠦᠭᠡᠳ ᠦᠨᠡᠯᠡᠯᠳᠡ ᠬᠢᠪᠡ᠃ ᠪᠦ᠋ ᠰᠢᠶᠤᠤ ᠯᠢᠨ ᠤᠯᠠᠨ ᠲᠠᠢ ᠬᠠᠮᠳᠦ ᠪᠠᠷ ᠠᠰᠠᠭᠤᠳᠠᠯ ᠎ ᠢ ᠪᠠᠶᠢᠴᠠᠭᠠᠨ ᠰᠢᠨᠵᠢᠵᠤ᠂ ᠪᠤᠳᠤᠯᠬᠢᠯᠠᠯ ᠪᠠ ᠲᠦᠷᠦᠭᠳᠡᠯ ᠢᠶᠠᠨ ᠭᠦᠨᠵᠡᠭᠡᠢ ᠰᠤᠯᠢᠯᠴᠠᠵᠠᠢ᠃      ᠲᠡᠷᠡ᠂ ᠠᠯᠪᠠᠨ ᠲᠢᠩᠭᠢᠮ ᠪᠤᠯ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠬᠦᠢᠰᠦ ᠪᠤᠯᠤᠨ᠎ᠠ᠂ ᠪᠠᠶᠢᠷᠢ ᠰᠠᠭᠤᠷᠢ ᠨᠢ ᠴᠢᠬᠤᠯᠠ᠂ ᠬᠠᠷᠢᠭᠤᠴᠠᠯᠭ᠎ᠠ ᠨᠢ ᠶᠡᠭᠡ ᠶᠤᠮ᠂ ᠤᠯᠠᠨ ᠢᠶᠠᠷ ᠢᠶᠠᠨ ᠢᠮᠠᠭᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳᠤ ᠰᠠᠬᠢᠵᠤ᠂ ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠳᠠᠢ᠃ ᠤᠨᠤᠯ ᠤᠨ ᠰᠤᠷᠤᠯᠴᠠᠯᠭ᠎ᠠ ᠶᠢ ᠴᠦᠬᠦᠷᠡᠰᠢ ᠦᠭᠡᠢ ᠴᠢᠩᠭ᠎ᠠ ᠠᠳᠬᠤᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠬᠦᠴᠦ ᠤᠷᠤᠭᠤᠯᠵᠤ ᠪᠠᠶᠢᠭᠠᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ ᠤᠶᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠪᠠᠷ ᠦᠢᠯᠡᠳᠦᠯᠭᠡᠵᠢᠬᠦᠯᠵᠤ᠂ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ᠃ ᠢᠮᠠᠭᠲᠠ ᠠᠷᠠᠳ ᠲᠦᠮᠡᠨ ᠢ ᠬᠠᠶᠢᠷᠠᠯᠠᠬᠤ ᠴᠢᠩ ᠦᠨᠡᠨᠴᠢ ᠰᠡᠳᠭᠢᠯᠭᠡ ᠲᠠᠢ ᠪᠠᠶᠢᠵᠤ᠂ ᠠᠷᠠᠳ ᠲᠦᠮᠡᠨ ᠤ ᠵᠤᠭᠰᠤᠯᠲᠠ᠂ ᠤᠯᠠᠨ ᠲᠦᠮᠡᠨ ᠤ ᠦᠵᠡᠯᠳᠡ ᠪᠤᠯᠤᠨ ᠤᠯᠠᠨ ᠲᠦᠮᠡᠨᠴᠢ ᠱᠤᠭᠤᠮ ᠢ ᠪᠢᠴᠢᠭ ᠮᠠᠲ᠋ᠧᠷᠢᠶᠠᠯ ᠲᠤᠭᠤᠷᠪᠢᠨ ᠨᠤᠤᠷᠠᠭᠯᠠᠬᠤ᠂ ᠠᠯᠪᠠᠨ ᠪᠢᠴᠢᠭ ᠮᠡᠲ᠋ᠧᠷᠢᠶᠠᠯ ᠢ ᠰᠢᠢᠳᠪᠦᠷᠢᠯᠡᠬᠦ ᠬᠤᠷᠠᠯ ᠴᠤᠭᠯᠠᠭᠠᠨ ᠢ ᠵᠤᠬᠢᠶᠠᠨ ᠪᠠᠶᠢᠭᠤᠯᠬᠤ ᠪᠤᠯᠤᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠵᠡᠷᠭᠡ ᠠᠵᠢᠯ ᠪᠤᠯᠭᠠᠨ ᠳᠠᠭᠠᠨ ᠢᠯᠡᠷᠡᠭᠦᠯᠬᠦ ᠬᠡᠷᠡᠭᠳᠠᠢ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠵᠤᠷᠢᠭ ᠰᠠᠨᠠᠭ᠎ᠠ ᠪᠤᠯᠤᠨ ᠰᠤᠷᠳᠠᠯ ᠴᠢᠭᠡᠴᠢ ᠤᠪᠤᠷ ᠲᠦᠪ ᠤᠷᠴᠢᠨ ᠢ ᠢᠮᠠᠭᠳᠠ ᠪᠠᠳᠤᠯᠠᠬᠤ ᠬᠡᠷᠡᠭᠳᠠᠢ ᠭᠡᠪᠡ᠃      ᠪᠦ᠋ ᠰᠢᠶᠤᠤ ᠯᠢᠨ᠂ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠪᠤᠯ ᠨᠠᠮ ᠤᠨ ᠠᠯᠢᠪᠠ ᠠᠵᠢᠯ ᠪᠤᠯᠤᠨ ᠪᠠᠶᠢᠯᠳᠤᠬᠤ ᠬᠦᠴᠦᠨ ᠤ ᠰᠠᠭᠤᠷᠢ ᠪᠤᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠎ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠡᠭᠦᠷ ᠤᠨ ᠠᠵᠢᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠨᠠᠮ ᠤᠨ ᠡᠭᠦᠷ ᠤᠨ ᠨᠠᠮ ᠤᠨ ᠭᠡᠰᠢᠭᠦᠨ ᠨᠢᠭᠡᠪᠦᠷᠢ ᠶᠢᠨ ᠨᠠᠮᠴᠢ ᠴᠢᠨᠠᠷ ᠢ ᠨᠠᠮ ᠤᠨ ᠳᠤᠳᠤᠭᠠᠳᠤ ᠶᠢᠨ ᠠᠮᠢᠳᠤᠷᠠᠯ ᠳᠤᠮᠳᠠ ᠳᠠᠬᠢᠨ ᠳᠠᠪᠳᠠᠨ ᠪᠤᠯᠪᠠᠰᠤᠷᠠᠭᠤᠯᠵᠤ᠂ ᠨᠠᠮ ᠤᠨ ᠡᠭᠦᠷ ᠢ ᠢᠮᠠᠬᠳᠠ ᠨᠠᠮ ᠤᠨ ᠲᠤᠭ ᠦᠨᠳᠦᠷ ᠨᠠᠮᠢᠷᠠᠭᠰᠠᠨ ᠳᠠᠶᠢᠴᠢᠨ ᠪᠠᠬᠢᠯᠡᠯᠳᠡ ᠪᠤᠯᠭᠠᠬᠤ ᠬᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号