ᠣᠷᠳᠣᠰ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠮᠠᠷᠠᠯᠲᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠨᠡᠨ ᠬᠦ ᠪᠠᠲᠤᠯᠠᠵᠤ ᠪᠣᠢ
ᠨᠡᠶᠢᠲᠡᠯᠡᠭᠰᠡᠨ ᠴᠠᠭ᠄
2020/1/10
     ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠣᠷᠳᠣᠰ ᠬᠤᠲᠠ ᠶᠢᠨ ᠠᠶᠤᠯ ᠦᠭᠡᠢ ᠦᠢᠯᠡᠳᠪᠦᠷᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠶᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠠᠮᠠᠷᠠᠯᠲᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠶ ᠥᠷᠨᠢᠭᠦᠯᠵᠦ ᠪᠠᠶᠢᠨ᠎ᠠ᠃      ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠥᠷᠢᠨᠰᠢᠭᠦᠯᠦᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠢᠯ ᠤᠨ ᠪᠠᠶᠢᠷᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠳᠠᠪᠠᠵᠤ ᠪᠣᠯᠤᠰᠢ ᠦᠭᠡᠢ ᠬᠤᠷᠢᠭ᠎ᠠ ᠱᠤᠭᠤᠮ ᠢ ᠪᠠᠲᠤ ᠰᠠᠬᠢᠵᠤ ᠪᠠᠶᠢᠨ᠎ᠠ᠃ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠪᠡ᠃ ᠠᠶᠤᠯ ᠥᠬᠡᠶ ᠦᠢᠯᠡᠳᠪᠦᠷᠢᠯᠡᠯ ᠤᠨ ᠳᠠᠯᠳᠠ ᠬᠡᠮ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠳᠬᠠᠨ᠂ ᠠᠶᠤᠯ ᠥᠬᠡᠶ ᠦᠢᠯᠡᠳᠪᠦᠷᠢᠯᠡᠯ ᠤᠨ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠪᠠ᠃ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠵᠠᠮ ᠱᠤᠭᠤᠮ ᠤᠨ ᠰᠠᠭᠠᠳ ᠥᠬᠡᠶ ᠨᠡᠪᠲᠡᠷᠡᠬᠦ ᠶᠢ ᠥᠨᠡᠨ ᠬᠦ ᠪᠠᠲᠤᠯᠠᠵᠤ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ ᠲᠥᠰᠦᠯ ᠢ ᠪᠥᠷᠢᠨᠰᠢᠭᠦᠯᠥᠨ᠂ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号