ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠰᠢᠰᠲ᠋ᠧᠮᠵᠢ ᠶᠢ ᠲᠥᠷᠭᠡᠳᠬᠡᠨ ᠪᠠᠶᠢᠭᠤᠯᠬᠤ ᠶᠢᠨ ᠲᠤᠰᠠᠳᠠ᠂ ᠡᠳ᠋ ᠤᠨ ᠵᠠᠰᠠᠭ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ | ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ | ︽ᠰᠠᠨᠠᠯ︾ ᠳᠤ ᠱᠠᠭᠠᠷᠳᠠᠭᠰᠠᠨ ᠨᠢ᠂ ᠱᠠᠭᠠᠷᠳᠠᠯᠭ᠎ᠠ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠨ ᠵᠢᠱᠢᠭᠰᠡᠨ ᠦᠭᠡᠢ ᠪᠤᠶᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠢᠶᠠᠷ | ᠠᠨᠠᠶ ᠪᠠᠶᠢᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠵᠠᠷᠤᠯᠭ᠎ᠠ ᠶᠢ ᠳᠤᠮᠳᠠ ᠬᠤᠭᠤᠴᠠᠭᠠᠨ ᠤ ᠡᠳ᠋ ᠤᠨ | ᠵᠠᠰᠠᠭ ᠤᠨ ᠲᠥᠯᠥᠪᠵᠢᠭᠦᠯᠭᠡ ᠪᠠ ᠣᠨ ᠤ ᠲᠥᠰᠦᠪ ᠲᠤ ᠣᠷᠣᠭᠤᠯᠵᠤ ᠪᠣᠯᠬᠤ ᠥᠬᠡᠶ᠂ ᠬᠠᠮᠢᠶ᠎ᠠ ᠪᠦᠬᠦᠢ ᠲᠥᠷᠥᠯ | ᠵᠦᠢᠯ ᠢ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ ᠪᠣᠯᠬᠤ ᠥᠬᠡᠶ᠃ ︽ᠬᠡᠨ ᠪᠡᠯᠡ ᠮᠥᠩᠭᠦ | ᠭᠤᠶᠤᠴᠢᠯᠠᠭᠰᠠᠨ ᠪᠣᠯ ᠲᠡᠷᠡ ᠬᠠᠷᠠᠯᠲᠠ ᠪᠠᠨ ᠪᠠᠶᠢᠷᠢᠯᠠᠭᠤᠯᠬᠤ︾ ᠵᠠᠷᠴᠢᠮ ᠤᠨ ᠶᠣᠰᠣᠭᠠᠷ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠪᠠᠶᠢᠷᠢᠯᠠᠭᠤᠯᠬᠤ ᠶᠢ ᠲᠥᠰᠦᠪ ᠤᠨ ᠲᠣᠬᠢᠷᠠᠭᠤᠯᠤᠯᠲᠠ ᠶᠢᠨ ᠤᠷᠢᠳᠠᠴᠢ ᠨᠥᠬᠦᠴᠡᠯ | ᠪᠣᠯᠭᠠᠬᠤ ᠶᠢᠨ ᠬᠠᠮᠲᠤ ᠲᠥᠰᠦᠪ ᠯᠦᠭᠡ ᠵᠡᠷᠭᠡ ᠳᠤ ᠨᠢ ᠴᠣᠬᠤᠯᠠᠪᠤᠷᠢᠯᠠᠨ ᠪᠠᠭᠤᠯᠭᠠᠵᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠠᠮᠵᠢᠯᠲᠠ ᠪᠦᠲᠦᠮᠵᠢ ᠶᠢᠨ ᠬᠠᠷᠠᠯᠲᠠ ᠶᠢ ᠴᠢᠩᠭ᠎ᠠ ᠬᠢᠨᠠᠨ ᠬᠠᠷᠭᠤᠭᠤᠯᠵᠤ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠪᠠᠶᠢᠷᠢᠯᠠᠭᠤᠯᠬᠤ ᠶᠢ ᠲᠥᠰᠦᠪ ᠤᠨ ᠲᠣᠬᠢᠷᠠᠭᠤᠯᠤᠯᠲᠠ ᠶᠢᠨ ᠤᠷᠢᠳᠠᠴᠢ ᠨᠥᠬᠦᠴᠡᠯ | ᠪᠣᠯᠭᠠᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠮᠡᠳᠡᠭᠦᠯᠬᠦ ᠵᠢᠷᠤᠮᠵᠢᠯ ᠤᠨ ᠴᠢᠨᠠᠷ᠂ ᠪᠦᠷᠢᠨ | ᠲᠡᠭᠦᠯᠳᠡᠷ ᠴᠢᠨᠠᠷ ᠪᠠ ᠲᠥᠰᠦᠪ ᠤᠨ ᠪᠡᠯᠡ ᠮᠥᠩᠭᠦ ᠯᠦᠭᠡ ᠢᠵᠢᠯᠢᠰᠢᠭᠦᠯᠬᠦ ᠬᠡᠮᠵᠢᠶ᠎ᠡ ᠶᠢ ᠭᠤᠤᠯᠳᠠᠯᠭ᠎ᠠ ᠲᠠᠢ ᠬᠢᠨᠠᠨ | ᠬᠠᠷᠭᠤᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠳᠠᠷᠠᠭ᠎ᠠ ᠠᠯᠬᠤᠮ ᠤᠨ ᠲᠥᠰᠦᠪ ᠢ | ᠨᠠᠶᠢᠷᠠᠭᠤᠯᠤᠨ ᠵᠣᠬᠢᠶᠠᠵᠤ ᠬᠢᠨᠠᠬᠤ ᠴᠤᠪᠤᠷᠠᠯ ᠳᠤ ᠣᠷᠣᠭᠤᠯᠵᠤ ᠪᠣᠯᠬᠤ ᠦᠭᠡᠢ᠃ ᠠᠮᠵᠢᠯᠲᠠ ᠪᠦᠲᠦᠮᠵᠢ ᠶᠢᠨ | ᠠᠵᠢᠯᠯᠠᠭᠠᠨ ᠬᠢᠭᠡᠳ ᠲᠥᠰᠦᠪ ᠢ ᠬᠡᠷᠡᠭᠵᠢᠭᠦᠯᠬᠦ ︽ᠬᠤᠤᠰ ᠬᠢᠨᠠᠨ ᠡᠵᠡᠮᠳᠡᠯ︾ ᠢ ᠬᠡᠷᠡᠭᠵᠢᠭᠦᠯᠵᠦ᠂ ᠴᠢᠬᠤᠯᠠ ᠶᠡᠭᠡ | ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠮᠥᠷᠳᠡᠬᠦ ᠲᠣᠭᠲᠠᠴᠠ ᠶᠢ ᠪᠠᠶᠢᠭᠤᠯᠤᠨ᠂ | ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ᠂ ᠲᠥᠷᠥᠯ ᠵᠦᠢᠯ ᠳᠤ ᠲᠥᠰᠦᠪ ᠤᠨ | ᠵᠣᠭᠤᠰ ᠰᠠᠯᠭᠠᠨ ᠥᠭᠬᠦ ᠶᠢ ᠲᠦᠷ ᠬᠤᠶᠢᠰᠢᠯᠠᠭᠤᠯᠬᠤ ᠪᠤᠶᠤ ᠵᠣᠭᠰᠣᠭᠠᠵᠤ᠂ ᠴᠠᠭ ᠲᠤᠬᠠᠶ ᠳᠤ ᠨᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠰᠢᠮᠳᠠᠭᠤᠯᠬᠤ ᠬᠡᠷᠡᠭᠲᠡᠶ᠃ ᠠᠮᠵᠢᠯᠲᠠ ᠪᠦᠲᠦᠮᠵᠢ ᠶᠢ ᠦᠨᠡᠯᠡᠨ | ᠵᠢᠱᠢᠭᠰᠡᠨ ᠦᠷ᠎ᠡ ᠳ᠋ᠦᠩ ᠢ ᠲᠥᠰᠦᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠠᠮᠵᠢᠯᠲᠠ ᠪᠦᠲᠦᠮᠵᠢ ᠪᠠᠷ ᠰᠠᠶᠢᠨ | ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠤᠷᠢᠳᠠᠪᠠᠷ ᠪᠠᠲᠤᠯᠠᠵᠤ᠂ ᠦᠷ᠎ᠡ | ᠪᠦᠲᠦᠮᠵᠢ ᠪᠠᠷ ᠳᠣᠤᠷ᠎ᠠ ᠦᠷ᠎ᠡ ᠪᠦᠲᠦᠮᠵᠢ ᠦᠭᠡᠢ ᠪᠡᠯᠡ ᠮᠥᠩᠭᠦ ᠶᠢ ᠴᠥᠮ ᠬᠠᠰᠤᠬᠤ ᠪᠤᠶᠤ ᠬᠦᠴᠦᠨ ᠦᠭᠡᠢ | ᠪᠣᠯᠭᠠᠵᠤ᠂ ᠤᠷᠲᠤ ᠬᠤᠭᠤᠴᠠᠭᠠᠨ ᠤ ᠲᠤᠨᠤᠮᠠᠯ ᠪᠡᠯᠡ ᠮᠥᠩᠭᠦ ᠶᠢ ᠴᠥᠮ ᠬᠤᠷᠢᠶᠠᠨ ᠠᠪᠬᠤ ᠶᠢᠨ ᠬᠠᠮᠲᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠡᠮᠵᠢᠬᠦ ᠴᠢᠬᠤᠯᠠᠲᠠᠶ ᠬᠦᠷᠢᠶᠡᠨ ᠳᠤ ᠨᠢᠭᠡᠳᠦᠯᠲᠡᠶ ᠲᠥᠯᠥᠪᠯᠡᠨ | ᠬᠡᠷᠡᠭᠯᠡᠬᠦ ᠬᠡᠷᠡᠭᠲᠡᠢ ᠭᠡᠪᠡ᠃ | ︽ᠰᠠᠨᠠᠯ︾ ᠨᠢ ᠪᠤᠭᠤᠲᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠮᠠᠨ ᠤ ᠬᠤᠲᠠ ᠶᠢᠨ ᠪᠥᠬᠦ ᠡᠳ᠋ ᠤᠨ ᠵᠠᠰᠠᠭ ᠤᠨ ᠪᠠᠯᠠ | ᠮᠥᠩᠭᠦ ᠶᠢ ᠪᠦᠷᠬᠦᠭᠦᠯᠵᠦ᠂ ᠲᠥᠰᠦᠪ ᠤᠨ ᠦᠨᠳᠦᠰᠦᠨ ᠱᠠᠲᠤᠨ ᠤ ᠨᠢᠭᠡᠴᠢ ᠪᠠ ᠡᠳ᠋ ᠤᠨ ᠵᠠᠰᠠᠭ ᠤᠨ ᠪᠠᠯᠠ | ᠮᠥᠩᠭᠦ ᠶᠢᠨ ᠬᠡᠷᠡᠭᠯᠡᠯᠲᠡ ᠬᠦᠷᠲᠡᠯ᠎ᠡ ᠤᠷᠳᠤᠳᠬᠠᠵᠠᠢ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠬᠦ ᠶᠢ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ | ︽ᠰᠠᠨᠠᠯ︾ ᠢ ᠵᠥᠷᠢᠴᠡᠭᠰᠡᠨ ᠦᠢᠯᠡ ᠠᠵᠢᠯᠯᠠᠭ᠎ᠠ ᠳᠤ ︽ᠬᠠᠷᠢᠭᠤᠴᠠᠯᠭ᠎ᠠ ᠶᠢ ᠬᠥᠮᠦᠨ ᠳᠤ ᠨᠢ ᠲᠤᠯᠭᠠᠬᠤ︾ ᠪᠠ | ᠨᠠᠰᠤᠨ ᠲᠤᠷᠰᠢᠳᠠ ᠬᠠᠷᠢᠭᠤᠴᠠᠯᠭ᠎ᠠ ᠲᠤᠯᠭᠠᠬᠤ ᠲᠣᠭᠲᠠᠴᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠳᠤᠷᠠᠳᠤᠨ | ᠭᠠᠷᠭᠠᠵᠠᠢ᠃ |