ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠬᠤᠰᠢᠭᠤᠨ ᠤ ᠲᠣᠰ ᠱᠠᠲᠤᠨ ᠤ ᠭᠦᠶᠴᠡᠳᠬᠡᠬᠦ ᠵᠦᠶᠯᠡᠰ ᠤᠨ ᠬᠡᠮᠵᠢᠶ᠎ᠡ ᠵᠠᠭᠤᠨ ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2020/1/10
     2019 ᠣᠨ ᠳᠤ᠂ ᠠᠯᠠᠱᠠ ᠠᠶᠢᠮᠠᠭ ᠤᠨ ᠵᠡᠭᠦᠨ ᠬᠤᠰᠢᠭᠤᠨ ᠤ ᠲᠤᠰ ᠱᠠᠲᠤᠨ ᠤ ᠭᠦᠶᠴᠡᠳᠬᠡᠭᠰᠡᠨ ᠵᠦᠢᠯᠡᠰ ᠤᠨ ᠲᠤᠭ᠎ᠠ 105.46 ᠲᠦᠮᠡᠨ ᠬᠤᠪᠢ ᠳᠤ ᠬᠦᠷᠴᠦ᠂ ᠠᠩᠬ᠎ᠠ ᠤᠳᠠᠭ᠎ᠠ ᠵᠠᠭᠤᠨ ᠲᠦᠮᠡᠨ ᠬᠤᠪᠢ ᠶᠢ ᠳᠠᠪᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 35.9%᠎ ᠪᠠᠷ ᠨᠡᠮᠡᠭᠳᠡᠪᠡ᠃       ᠠᠯᠠᠱᠠᠨ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠤᠳᠤ ᠬᠤᠰᠢᠭᠤᠨ ᠤ ᠰᠢᠭᠤᠳ ᠬᠠᠷᠢᠶ᠎ᠠ 31 ᠰᠠᠯᠠᠭ᠎ᠠ ᠮᠥᠴᠢᠷ᠂ 9 ᠰᠤᠮᠤ ᠪᠠᠯᠭᠠᠰᠤ ᠪᠠ 20 ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠣᠷᠣᠵᠤ ᠰᠠᠭᠤᠨ᠂ 126 ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠠᠵᠤ ᠠᠬᠤᠶᠢᠯᠠᠯ ᠡᠷᠬᠢᠯᠡᠬᠦ᠂ ᠭᠠᠶᠢᠯᠢ ᠲᠤᠰᠢᠶᠠᠬᠤ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠠᠵᠢᠯ ᠣᠯᠭᠤᠯᠲᠠ ᠵᠡᠷᠭᠡ 718 ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠠᠶᠢᠨ᠎ᠠ᠃      2019 ᠣᠨ ᠳᠤ᠂ ᠠᠯᠠᠱᠠ ᠠᠶᠢᠮᠠᠭ ᠤᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠎ ᠤ ᠲᠣᠪᠴᠢᠶ᠎ᠠ ᠨᠢ ᠡᠯ᠎ᠡ ᠰᠠᠯᠠᠭ᠎ᠠ ᠮᠥᠴᠢᠷ ᠨᠢᠭᠡᠴᠢ ᠲᠠᠢ ᠢᠳᠡᠪᠬᠢᠲᠡᠢ ᠵᠣᠯᠭᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠵᠤ ᠪᠠᠶᠢᠴᠠᠭᠠᠨ ᠯᠠᠪᠯᠠᠬᠤ ᠠᠦ᠋ᠲ᠋ᠤ᠋ ᠦᠶᠯᠡᠴᠢᠯᠡᠭᠡ ᠳᠤ ᠣᠷᠣᠵᠤ ᠰᠠᠭᠤᠨ᠂ ᠠᠷᠠᠳ ᠲᠤ ᠳᠥᠭᠦᠮ ᠦᠵᠡᠭᠦᠯᠬᠦ ᠺᠠᠷᠲ᠂ ᠡᠬᠡ ᠨᠢᠯᠬᠠᠰ ᠤᠨ ᠭᠡᠷ᠂ ᠰᠦᠶᠳᠬᠡᠯ ᠬᠤᠷᠢᠶᠠᠬᠤ ᠦᠭᠡᠢ ᠤᠲᠠᠰᠤ ᠦᠭᠡᠢ ᠰᠦᠯᠵᠢᠶ᠎ᠡ ᠵᠡᠷᠭᠡ ᠣᠯᠠᠨ ᠡᠰᠢᠵᠢᠭᠰᠡᠨ ᠦᠶᠯᠡᠴᠢᠯᠡᠭᠡ ᠬᠠᠩᠭᠠᠵᠤ᠂ ᠬᠦᠯᠢᠶᠡᠨ ᠠᠪᠤᠭᠰᠠᠨ ᠠᠵᠢᠯᠲᠠᠨ ᠬᠠᠷᠢᠭᠤᠴᠠᠬᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ᠂ ᠲᠣᠭᠲᠠᠭᠰᠠᠨ ᠬᠤᠭᠤᠴᠠᠭᠠᠨ ᠳᠤ ᠭᠦᠶᠴᠡᠳᠬᠡᠵᠦ ᠳᠠᠭᠤᠰᠬᠠᠬᠤ᠂ ᠴᠠᠭ ᠢ ᠤᠷᠲᠤᠳᠬᠠᠵᠤ ᠦᠶᠯᠡᠴᠢᠯᠡᠬᠦ᠂ ᠭᠡᠷ ᠲᠤ ᠨᠢ ᠬᠦᠷᠴᠦ ᠭᠦᠶᠴᠡᠳᠬᠡᠬᠦ ᠵᠡᠷᠭᠡ ᠦᠶᠯᠡᠴᠢᠯᠡᠭᠡ ᠶᠢ ᠬᠡᠷᠡᠭᠵᠢᠭᠦᠯᠪᠡ᠃ ᠡᠭᠦᠨ ᠤ ᠬᠠᠮᠲᠤ᠂ ᠬᠠᠮᠢᠶᠠᠷᠤᠯᠲᠠ ᠪᠠᠨ ᠴᠢᠩᠭᠠᠳᠬᠠᠨ᠂ ᠦᠢᠯᠡᠴᠢᠯᠡᠭᠡ ᠪᠠᠨ ᠵᠢᠷᠤᠮᠵᠢᠭᠤᠯᠬᠤ ᠶᠢᠨ ᠲᠥᠯᠥᠭᠡ ︽ᠳᠠᠷᠤᠶᠢᠬᠠᠨ ᠭᠦᠶᠴᠡᠳᠬᠡᠬᠦ︾ ᠦᠶᠯᠡᠴᠢᠯᠡᠭᠡᠨ ᠤ ᠴᠣᠩᠬᠤᠪᠴᠢ 27᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠶᠢᠨ ᠴᠣᠩᠬᠤᠪᠴᠢ 9᠂ ᠮᠣᠩᠭᠤᠯ ᠬᠢᠲᠠᠳ ᠬᠡᠯᠡᠨ ᠤ ᠦᠶᠯᠡᠴᠢᠯᠡᠭᠡᠨ ᠤ ᠪᠠᠶᠢᠷᠢ 11᠂ ᠴᠡᠷᠢᠭ ᠎ ᠠᠴᠠ ᠬᠠᠯᠠᠭᠳᠠᠭᠰᠠᠳ ᠲᠤ ᠤᠷᠢᠳᠠᠪᠠᠷ ᠭᠦᠢᠴᠡᠳᠬᠡᠵᠦ ᠥᠭᠬᠦ ᠴᠣᠩᠬᠤᠪᠴᠢ 14 ᠲᠣᠬᠢᠷᠠᠭᠤᠯᠪᠠ᠃ ︽ᠲᠢᠩᠬᠢᠮ ᠎ ᠤᠨ ᠴᠣᠩᠬᠤᠪᠴᠢ ᠰᠠᠯᠠᠭ᠎ᠠ ᠮᠥᠴᠢᠷ ᠤᠨ ᠴᠠᠭ ᠢ ᠤᠷᠲᠤᠳᠬᠠᠬᠤ᠂ ᠪᠣᠯᠵᠣᠵᠤ ᠦᠶᠯᠡᠴᠢᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ 23 ᠵᠦᠶᠯ ᠤᠨ ᠬᠠᠮᠢᠶᠠᠷᠤᠯᠲᠠ ᠶᠢᠨ ᠳᠦᠷᠢᠮ ᠳᠤ ᠵᠠᠰᠠᠪᠤᠷᠢ ᠣᠷᠣᠭᠤᠯᠤᠨ ᠪᠦᠷᠢᠨᠰᠢᠭᠦᠯᠵᠦ᠂ ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠨ ᠤ ︿ᠰᠠᠶᠢᠨ ᠮᠠᠭᠤ ᠦᠨᠡᠯᠡᠯᠲᠡ﹀᠎ ᠶᠢᠨ ᠬᠠᠮᠢᠶᠠᠷᠤᠯᠲᠠ ᠶᠢᠨ ᠳᠦᠷᠢᠮ︾᠎ ᠢ ᠬᠡᠷᠡᠭᠵᠢᠭᠦᠯᠵᠦ᠂ 9 ᠬᠥᠮᠥᠨ ᠢ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠠᠷ ᠤᠷᠢᠵᠤ ᠲᠢᠩᠬᠢᠮ ᠤᠨ ᠡᠳᠦᠷ ᠲᠤᠲᠤᠮ ᠤᠨ ᠬᠠᠮᠢᠶᠠᠷᠤᠯᠲᠠ ᠳᠤ ᠣᠷᠣᠯᠴᠠᠭᠤᠯᠪᠠ᠃      ᠡᠨᠡ ᠵᠢᠯ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠦᠶᠯᠡᠴᠢᠯᠡᠭᠡ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠬᠠᠲᠠᠭᠤ ᠲᠣᠨᠤᠭ ᠲᠥᠬᠦᠭᠡᠷᠦᠮᠵᠢ ᠶᠢ ᠴᠢᠨᠠᠭᠰᠢᠳᠠ ᠪᠦᠷᠢᠨᠰᠢᠭᠦᠯᠵᠦ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠶᠯᠡᠴᠢᠯᠡᠭᠡᠨ ᠤ ᠣᠨᠣᠯᠵᠢᠬᠤᠨ ᠢᠶᠠᠨ ᠬᠤᠪᠢᠷᠠᠭᠤᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠣᠯᠠᠨ ᠲᠦᠮᠡᠨ ᠤ ᠲᠠᠭᠠᠯᠠᠮᠵᠢ ᠶᠢᠨ ᠬᠡᠮᠵᠢᠶ᠎ᠡ ᠪᠣᠯᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠠᠯᠠᠱᠠ ᠠᠶᠢᠮᠠᠭ ᠤᠨ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠵᠠᠰᠠᠭ ᠤᠨ ᠶᠠᠪᠤᠳᠠᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号