ᠣᠶᠢᠷ᠎ᠠ ᠳᠤ᠂ ᠣᠷᠳᠣᠰ ᠬᠤᠲᠠ ᠶᠢᠨ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠮᠡᠷᠭᠡᠵᠢᠯ ᠤᠨ ᠦᠢᠯᠡᠴᠢᠯᠡᠬᠡᠨ ᠤ ᠲᠥᠪ ᠤᠨ ᠢᠯᠡᠷᠬᠡᠶᠢᠯᠡᠯ ᠰᠡᠬᠦᠬᠦ ᠶᠣᠰᠣᠯᠠᠯ ᠶᠠᠪᠤᠭᠳᠠᠪᠠ᠃ | ᠣᠶᠢᠯᠠᠭᠠᠭᠰᠠᠨ ᠢᠶᠠᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠤᠷᠢᠶᠠᠨ ᠤ ᠴᠣᠬᠤᠯᠠᠪᠤᠷᠢ ᠵᠦᠪᠰᠢᠶᠡᠷᠡᠯ ᠢᠶᠠᠷ ᠳᠠᠮᠵᠢᠨ᠂ ᠤᠤᠯ ᠤᠨ ᠣᠷᠳᠣᠰ ᠬᠤᠲᠠ ᠶᠢᠨ ᠣᠨᠴᠠ ᠲᠥᠷᠥᠯ ᠤᠨ | ᠲᠣᠨᠤᠭ ᠲᠦᠬᠦᠭᠡᠷᠤᠮᠵᠢ ᠶᠢᠨ ᠠᠮᠤᠷ ᠲᠦᠪᠰᠢᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠲᠥᠪ ᠤᠨ ᠨᠡᠷ᠎ᠡ ᠶᠢ | ᠵᠢᠩᠬᠢᠨᠢ ᠪᠠᠷ ︽ᠣᠷᠳᠣᠰ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠮᠡᠷᠭᠡᠵᠢᠯ ᠤᠨ ᠦᠶᠯᠡᠴᠢᠯᠡᠭᠡᠨ ᠤ ᠲᠥᠪ︾ ᠭᠡᠵᠦ ᠬᠠᠯᠠᠪᠠ᠃ ᠲᠣᠰ ᠲᠦᠪ ᠨᠢ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ ᠪᠦᠷᠢᠳᠬᠡᠨ ᠵᠠᠳᠠᠯᠬᠤ ᠶᠢ | ᠬᠠᠷᠢᠭᠤᠴᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠮᠢᠶ᠎ᠠ ᠪᠥᠬᠦᠶ ᠮᠡᠷᠭᠡᠵᠢᠯ ᠤᠨ ᠦᠶᠯᠡᠴᠢᠯᠡᠭᠡ | ᠬᠠᠩᠭᠠᠬᠤ ᠪᠦᠬᠡᠳ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠤᠨ ᠶᠠᠰᠤ ᠴᠢᠨᠠᠷ ᠪᠠ ᠰᠢᠯᠭᠠᠨ | ᠲᠣᠬᠢᠷᠠᠭᠤᠯᠬᠤ ᠶᠠᠰᠤ ᠴᠢᠨᠠᠷ ᠤᠨ ᠮᠡᠷᠭᠡᠵᠢᠯ ᠤᠨ ᠴᠢᠨᠠᠷᠲᠠᠶ ᠪᠠᠶᠢᠴᠠᠭᠠᠯᠲᠠ ᠶᠢ ᠥᠷᠨᠢᠭᠦᠯᠦᠨ᠎ᠡ︔ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ | ᠢ ᠪᠠᠶᠢᠴᠠᠭᠠᠨ ᠵᠠᠳᠠᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠨ᠂ ᠣᠨᠴᠠ ᠲᠦᠷᠣᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠪᠠ ᠲᠤᠰᠬᠠᠶ ᠰᠢᠮᠳᠠᠭᠤᠯᠤᠨ ᠪᠠᠶᠢᠴᠠᠭᠠᠵᠤ ᠬᠢᠨᠠᠨ | ᠪᠠᠶᠢᠴᠠᠭᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠦᠭᠡᠳ ᠪᠥᠬᠦ ᠬᠤᠲᠠ ᠶᠢᠨ ᠴᠢᠬᠤᠯᠠ ᠲᠣᠮᠣ | ᠠᠵᠢᠯᠯᠠᠭ᠎ᠠ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠷᠭᠡᠵᠢᠯ ᠤᠨ | ᠪᠠᠳᠣᠯᠠᠭ᠎ᠠ ᠬᠠᠩᠭᠠᠵᠤ᠂ ᠮᠡᠷᠭᠡᠵᠢᠯ ᠤᠨ ᠰᠤᠳᠤᠯᠭᠠᠨ ᠬᠢᠬᠦ᠂ ᠲᠦᠭᠰᠢᠭᠦᠷᠢ ᠶᠢ ᠬᠢᠨᠠᠨ ᠰᠢᠨᠵᠢᠬᠦ᠂ ᠰᠡᠷᠡᠮᠵᠢᠯᠡᠭᠦᠯᠬᠦ | ᠮᠡᠳᠡᠭᠡ ᠵᠠᠩᠭᠢ ᠨᠡᠶᠢᠲᠡᠯᠡᠬᠦ᠂ ᠳᠠᠯᠳᠠ ᠬᠡᠮ ᠢ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠨ᠎ᠡ︔ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠳᠠᠨ ᠤ ᠰᠢᠯᠭᠠᠯᠲᠠ ᠪᠠ ᠣᠨᠴᠠ ᠲᠥᠷᠥᠯ ᠤᠨ ᠲᠣᠨᠤᠭ | ᠲᠦᠬᠦᠭᠡᠷᠤᠮᠵᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ | ᠤᠨ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ |