ᠬᠥᠯᠥᠨ ᠪᠣᠶᠢᠷ ᠬᠤᠲᠠ 2019 ᠣᠨ ᠳᠤ ᠡᠩ ᠤᠨ ᠦᠶᠯᠡᠳᠪᠦᠷᠢ ᠬᠤᠳᠠᠯᠳᠤᠭᠠᠨ ᠤ ᠦᠶᠯᠡᠰ ᠤᠨ ᠴᠠᠬᠢᠯᠭᠠᠨ ᠤ ᠦᠨ᠎ᠡ ᠶᠢ ᠦᠷᠭᠦᠯᠵᠢᠯᠡᠨ ᠪᠠᠭᠤᠷᠠᠭᠤᠯᠪᠠ
ᠨᠡᠶᠢᠲᠡᠯᠡᠭᠰᠡᠨ ᠴᠠᠭ᠄
2020/1/15
     ᠶᠡᠷᠦᠩᠬᠡᠶ ᠰᠠᠶᠢᠳ ᠯᠢ ᠺᠧ ᠴᠢᠶᠠᠩ ᠤᠨ ︽2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠠᠬᠢ ᠡᠩ ᠤᠨ ᠦᠶᠯᠡᠳᠪᠦᠷᠢ ᠬᠤᠳᠠᠯᠳᠤᠭᠠᠨ ᠤ ᠳᠤᠮᠳᠠᠴᠢ ᠴᠠᠬᠢᠯᠭᠠᠨ ᠤ ᠦᠨ᠎ᠡ ᠶᠢ 10%᠎ ᠪᠠᠷ ᠪᠠᠭᠤᠷᠠᠭᠤᠯᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠯᠥᠨ ᠪᠣᠶᠢᠷ ᠬᠤᠲᠠ ᠡᠩ ᠎ ᠤᠨ ᠦᠶᠯᠡᠳᠪᠦᠷᠢ ᠬᠤᠳᠠᠯᠳᠤᠭᠠᠨ ᠤ ᠴᠠᠬᠢᠯᠭᠠᠨ ᠤ ᠦᠨ᠎ᠡ ᠶᠢ ᠪᠠᠭᠤᠷᠠᠭᠤᠯᠬᠤ ᠶᠢ ᠦᠷᠭᠦᠯᠵᠢᠯᠡᠨ ᠨᠠᠶᠢᠳᠠᠪᠤᠷᠢᠵᠢᠭᠤᠯᠪᠠ᠃ 2019 ᠣᠨ ᠤ 4 ᠳ᠋ᠦ᠋ᠭᠡᠷ ᠰᠠᠷ᠎ᠠ ᠶᠢᠨ 1᠎ ᠤ ᠡᠳᠦᠷ ᠪᠠ 7 ᠳ᠋ᠤᠭᠠᠷ ᠰᠠᠷ᠎ᠠ ᠶᠢᠨ 1᠎ ᠤ ᠡᠳᠦᠷ᠂ ᠡᠩ ᠤᠨ ᠦᠶᠯᠡᠳᠪᠦᠷᠢ ᠬᠤᠳᠠᠯᠳᠤᠭᠠᠨ ᠤ ᠭᠠᠷᠴᠠᠭ ᠤᠨ ᠴᠠᠬᠢᠯᠭᠠᠨ ᠤ ᠦᠨ᠎ᠡ ᠶᠢ ᠲᠣᠰ ᠲᠣᠰ ᠳᠤᠮᠳᠠᠴᠢ ᠎ ᠪᠠᠷ ᠺᠢᠯᠣᠸᠠᠲ ᠴᠠᠭ ᠪᠦᠷᠢ 3.0 ᠮᠥᠩᠭᠦ᠂ 5.0 ᠮᠥᠩᠭᠦ ᠪᠠᠭᠤᠷᠠᠭᠤᠯᠵᠤ᠂  ᠺᠢᠯᠣᠸᠠᠲ ᠴᠠᠭ ᠪᠦᠷᠢ 0.727 ᠲᠥᠭᠦᠷᠢᠭ ᠪᠠᠶᠢᠭᠰᠠᠨ ᠠᠴᠠ ᠨᠢ ᠺᠢᠯᠣᠸᠠᠲ ᠴᠠᠭ ᠪᠦᠷᠢ ︵ᠨᠢᠭᠡ ᠺᠢᠯᠣᠸᠣᠯᠲ ᠬᠥᠷᠬᠦ ᠥᠬᠡᠶ︶ 0.647 ᠲᠥᠭᠦᠷᠢᠭ ᠪᠣᠯᠭᠠᠵᠤ᠂ ᠪᠥᠬᠦ ᠬᠤᠲᠠ ᠶᠢᠨ ᠡᠩ ᠤᠨ ᠦᠶᠯᠡᠳᠪᠦᠷᠢ ᠬᠤᠳᠠᠯᠳᠤᠭᠠᠨ ᠤ ᠴᠠᠬᠢᠯᠭᠠᠨ ᠬᠡᠷᠡᠭᠯᠡᠬᠦ 155291 ᠡᠷᠦᠬᠡ ᠳᠤ ᠠᠰᠢᠭ ᠬᠦᠷᠲᠡᠭᠡᠵᠦ᠂ ᠨᠡᠶᠢᠲᠡ 5774.47 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠨᠢ ᠠᠷᠪᠢᠯᠠᠵᠤ ᠥᠭᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号