| | | 1 ᠰᠠᠷ᠎ᠠ ᠶᠢᠨ 16 ᠤ ᠥᠳᠠ ᠶᠢᠨ ᠡᠮᠥᠨ᠎ᠠ᠂ ᠦᠪᠦᠷ ᠮᠤᠩᠭᠤᠯ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠰᠢᠨ᠎ᠠ ᠪᠠᠷ ᠰᠤᠩᠭᠤᠬᠳᠠᠬᠰᠠᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ᠂ ᠰᠢᠨ᠎ᠠ ᠪᠠᠷ ᠰᠤᠩᠭᠤᠬᠳᠠᠬᠰᠠᠨ | ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠲᠡᠳ᠋ ᠡᠷᠬᠢᠯᠡᠭᠴᠢ ᠵᠢᠴᠢ ᠪᠠᠶᠢᠡᠭᠭᠤ ᠶᠢᠨ ᠬᠤᠷᠢᠶᠠᠨ ᠤ ᠬᠡᠰᠢᠬᠦᠨ ᠬᠠᠤᠯᠢ ᠶᠤᠰᠤᠭᠠᠷ ᠥᠨᠳᠤᠰᠤᠨ ᠬᠠᠤᠯᠢ ᠳᠤ | ᠲᠠᠩᠭᠠᠷᠢᠬᠯᠠᠪᠠ᠃ | | | ︽ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠥᠨᠳᠤᠰᠤᠨ ᠬᠠᠤᠯᠢ ᠳᠤ ᠲᠠᠩᠭᠠᠷᠢᠬᠯᠠᠬᠤ | ᠲᠥᠷᠢᠮ ᠢ ᠵᠤᠬᠢᠶᠠᠨ ᠪᠠᠶᠢᠭᠤᠯᠵᠤ ᠭᠡᠷᠡᠭᠵᠢᠬᠦᠯᠬᠦ ᠠᠷᠭ᠎ᠠ︾ ᠶᠢᠨ ᠲᠤᠬᠳᠠᠭᠠᠯ ᠢ ᠥᠨᠳᠤᠰᠤᠯᠠᠨ᠂ 1 ᠰᠠᠷ᠎ᠠ ᠶᠢᠨ | 16 ᠤ ᠥᠳᠠ ᠶᠢᠨ ᠡᠮᠥᠨ᠎ᠠ᠂ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠡᠷ᠎ᠠ ᠰᠢᠨ᠎ᠠ ᠪᠠᠷ ᠰᠤᠩᠭᠤᠬᠳᠠᠬᠰᠠᠨ | ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠡᠷᠬᠢᠯᠡᠭᠴᠢ ᠱᠢ ᠲᠠᠢ ᠹᠸᠡᠭ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠵᠠᠩ ᠶᠤᠸᠠᠨ ᠵᠥᠡᠭ᠂ ᠥᠪᠡᠷᠳᠡᠭᠡᠨ ᠵᠠᠰᠠᠬᠤ ᠤᠷᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠡᠰᠢᠬᠦᠨ ᠳ᠋ᠸᠡᠭ ᠶᠤᠸᠠᠢ | ᠯᠸᠤ᠂ ᠪᠢᠯᠢᠭᠬᠦᠥ᠂ ᠵᠠᠩ ᠫᠢᠡᠭ ᠵᠢᠶᠠᠩ᠂ ᠵᠠᠩ ᠶᠢᠩ ᠺᠥᠢ᠂ ᠵᠠᠩ ᠬᠥᠸᠧ ᠵᠥᠡᠭ᠂ ᠡᠥ ᠬᠥᠸᠧ ᠷᠥᠢ᠂ ᠰᠠᠷᠠᠨ | ᠬᠠᠤᠯᠢ ᠶᠤᠰᠤᠭᠠᠷ ᠥᠨᠳᠤᠰᠤᠨ ᠬᠠᠤᠯᠢ ᠳᠤ ᠲᠠᠩᠭᠠᠷᠢᠬᠯᠠᠪᠠ᠃ | ᠦᠪᠦᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠤᠯᠤᠰ ᠤᠨ ᠰᠦᠯᠳᠡ ᠥᠨᠳᠥᠷ ᠡᠯᠭᠦᠭᠳᠡᠨ᠂ | ᠲᠠᠪᠤᠨ ᠣᠳᠣᠲᠤ ᠤᠯᠠᠭᠠᠨ ᠲᠤᠭ ᠤᠨᠴᠠ ᠶᠢᠨ ᠢᠯᠡᠳᠠᠢ ᠬᠠᠷᠠᠭᠳᠠᠨ᠎ᠠ᠃ ᠲᠠᠩᠭᠠᠷᠢᠬᠯᠠᠬᠤ ᠲᠠᠶᠢᠰᠠᠨ ᠳᠡᠭᠡᠷ᠎ᠡ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠲᠠᠯᠪᠢᠵᠠᠢ᠃ ᠦᠨᠳᠦᠰᠦᠨ | ᠬᠠᠤᠯᠢ ᠳᠤ ᠲᠠᠩᠭᠠᠷᠢᠬᠯᠠᠬᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠦᠪᠡᠳᠡᠭᠰᠢ ᠶᠡᠭᠡ ᠮᠦᠷᠳᠡᠭᠡᠨ ᠲᠥᠪ | ᠶᠡᠬᠡᠮᠰᠦᠭ ᠪᠠᠶᠢᠯ᠎ᠠ᠃ | ᠡᠨᠡ ᠣᠳᠠᠭ᠎ᠠ ᠶᠢᠨ ᠦᠨᠳᠦᠰᠦᠨ ᠬᠠᠤᠯᠢ ᠳᠤ ᠲᠠᠩᠭᠠᠷᠢᠬᠯᠠᠬᠤ ᠠᠵᠢᠯᠯᠠᠭ᠎ᠠ ᠨᠢ ᠬᠠᠮᠲᠤ ᠪᠠᠷ ᠲᠠᠩᠭᠠᠷᠢᠬᠯᠠᠬᠤ | ᠬᠡᠯᠪᠡᠷᠢ ᠪᠠᠷ ᠶᠠᠪᠣᠭᠳᠠᠵᠠᠢ᠃ ᠱᠢ ᠲᠠᠢ ᠹᠧᠩ ᠲᠠᠭᠠᠭᠤᠯᠤᠨ ᠲᠠᠩᠭᠠᠷᠢᠬᠯᠠᠵᠥ᠂ ᠶᠡᠭᠡ ᠬᠤᠷᠠᠯ ᠤᠨ ᠭᠦᠢᠴᠡᠳᠬᠡᠬᠦ | ᠲᠡᠷᠢᠭᠦᠯᠡᠭᠴᠢ ᠨᠠᠰᠤᠨᠮᠦ᠋ᠩᠬᠡ ᠦᠨᠳᠤᠰᠤᠨ ᠬᠠᠤᠯᠢ ᠳᠤ ᠲᠠᠩᠭᠠᠷᠢᠬᠯᠠᠬᠤ ᠶᠣᠰᠣᠯᠠᠯ ᠢ ᠡᠷᠬᠢᠯᠡᠪᠠ᠃ | ᠦᠨᠳᠤᠰᠤᠨ ᠬᠠᠤᠯᠢ ᠳᠤ ᠲᠠᠩᠭᠠᠷᠢᠬᠯᠠᠬᠤ ᠶᠣᠰᠣᠯᠠᠯ ᠡᠬᠢᠯᠡᠮᠡᠭᠴᠡ ᠪᠦᠭᠦᠳᠡᠭᠡᠷ ᠢᠶᠠᠨ ᠪᠣᠰᠴᠤ ᠵᠣᠭᠰᠣᠨ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ | ᠳᠠᠭᠤᠯᠠᠪᠠ᠃ | ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ ᠤ ᠳᠠᠷᠠᠭ᠎ᠠ᠂ ᠲᠠᠭᠠᠭᠤᠯᠤᠨ ᠲᠠᠩᠭᠠᠷᠢᠬᠯᠠᠭᠴᠢ | ᠱᠢ ᠲᠠᠢ ᠹᠧᠩ ᠲᠠᠩᠭᠠᠷᠢᠬᠯᠠᠬᠤ ᠲᠠᠶᠢᠰᠠᠨ ᠤ ᠡᠮᠦᠨ᠎ᠡ ᠬᠦᠷᠴᠦ᠂ ᠵᠡᠬᠦᠨ ᠭᠠᠷ ᠢᠶᠠᠨ ︽ᠦᠨᠳᠦᠰᠦᠨ ᠬᠠᠤᠯᠢ︾ ᠶᠢᠨ | ᠲᠡᠬᠡᠷ᠎ᠠ ᠲᠠᠯᠪᠢᠵᠤ᠂ ᠪᠠᠷᠠᠭᠤᠨ ᠨᠢᠳᠤᠷᠭ᠎ᠠ ᠪᠠᠨ ᠵᠠᠩᠭᠢᠳᠤᠨ ᠡᠷᠬᠦᠵᠥ᠂ ᠲᠠᠩᠭᠠᠷᠢᠭ ᠤᠨ ᠦᠭᠡᠰ ᠢ ᠤᠩᠰᠢᠪᠠ᠃ | ᠦᠨᠳᠦᠰᠦᠨ ᠬᠠᠤᠯᠢ ᠳᠤ ᠲᠠᠩᠭᠠᠷᠢᠬᠯᠠᠬᠤ ᠳᠤ ᠣᠷᠣᠯᠴᠠᠭᠰᠠᠳ ᠲᠠᠭᠠᠭᠤᠯᠤᠨ ᠲᠠᠩᠭᠠᠷᠢᠬᠯᠠᠭᠴᠢ ᠶᠢᠨ ᠠᠷᠤ ᠳᠤ | ᠮᠥᠷᠯᠡᠨ ᠵᠣᠭᠰᠣᠵᠤ᠂ ᠪᠠᠷᠠᠭᠤᠨ ᠨᠢᠳᠤᠷᠭ᠎ᠠ ᠪᠠᠨ ᠵᠠᠩᠭᠢᠳᠣᠨ ᠡᠷᠭᠦᠵᠦ᠂ ᠲᠠᠩᠭᠠᠷᠢᠭ ᠤᠨ ᠦᠭᠡᠰ ᠢ ᠲᠠᠭᠠᠨ | ᠤᠩᠰᠢᠪᠠ᠃ | ︽ᠪᠢ ᠲᠠᠩᠭᠠᠷᠢᠬᠯᠠᠵᠥ ᠪᠠᠶᠢᠨ᠎ᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠳᠤ | ᠲᠣᠭᠲᠠᠭᠠᠭᠰᠠᠨ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠲᠠᠭᠠᠨ ᠦᠨᠡᠨᠴᠢ ᠰᠢᠳᠤᠷᠭᠤ | ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ᠂ ᠡᠬᠦᠷᠬᠡ ᠳᠣᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ | ᠠᠷᠢᠭᠤᠨ ᠴᠢᠬᠡᠴᠢ ᠪᠠᠷ ᠠᠯᠪᠠᠨ ᠳᠤ ᠵᠢᠳᠬᠦᠵᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠠᠶᠠᠨ | ᠬᠦᠴᠦᠷᠬᠡᠭ ᠠᠷᠠᠳᠴᠢᠯᠠᠯ ᠲᠠᠢ ᠪᠣᠯᠪᠠᠰᠤᠨ ᠰᠠᠶᠢᠬᠠᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠨ᠎ᠡ︕︾ | ᠢᠳᠡ ᠬᠦᠴᠦᠨ ᠲᠠᠢ ᠲᠠᠩᠭᠠᠷᠢᠭ ᠤᠨ ᠦᠭᠡᠰ ᠨᠢ ᠲᠠᠩᠭᠠᠷᠢᠬᠯᠠᠭᠰᠠᠳ ᠤᠨ ᠦᠨᠳᠦᠰᠦᠨ ᠬᠠᠤᠯᠢ ᠶᠢᠨ | ᠵᠣᠷᠢᠭ ᠰᠠᠨᠠᠭ᠎ᠠ ᠶᠢ ᠪᠠᠳᠠᠷᠠᠭᠤᠯᠵᠣ᠂ ᠦᠨᠳᠦᠰᠦᠨ ᠬᠠᠤᠯᠢ ᠶᠢᠨ ᠳᠡᠦᠬᠡᠳᠦ ᠡᠭᠦᠷᠭᠡ ᠶᠢ ᠭᠦᠢᠴᠡᠳᠬᠡᠬᠦ ᠬᠠᠳᠠᠨ ᠪᠠᠳᠣ | ᠡᠷᠴᠢ ᠵᠣᠷᠢᠭ ᠢ ᠳᠠᠮᠵᠢᠭᠤᠯᠵᠤ᠂ ᠪᠦᠬᠦ ᠣᠷᠣᠨ ᠤ 2500 ᠭᠠᠷᠤᠢ ᠲᠦᠮᠡᠨ ᠦᠨᠳᠦᠰᠦᠲᠡᠨ ᠨᠦᠭᠦᠳ ᠤᠨ | ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠲᠡᠳᠡ᠂ ᠢᠮᠠᠭᠲᠠ ᠦᠨᠳᠦᠰᠦᠨ ᠬᠠᠤᠯᠢ ᠳᠤ | ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠲᠠᠩᠭᠠᠷᠢᠭ ᠢᠶᠠᠨ | ᠡᠭᠦᠷᠢᠳᠡ ᠪᠠᠲᠤ ᠴᠡᠭᠡᠵᠢᠯᠡᠨ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠦᠯᠦ ᠮᠠᠷᠲᠠᠵᠤ᠂ | ᠠᠮᠠᠯᠠᠯᠲᠠ ᠪᠠᠨ ᠦᠨᠡᠨ ᠬᠦ ᠭᠦᠢᠴᠡᠳᠬᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠵᠠᠮ ᠨᠡᠭᠡᠭᠡᠨ | ᠰᠢᠨ᠎ᠡ ᠶᠢ ᠡᠭᠦᠳᠴᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ | ᠵᠠᠮᠨᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠬᠡᠪᠡ᠃ |