ᠣᠶᠢᠷ᠎ᠠ ᠳᠤ᠂ ᠪᠤᠭᠤᠲᠤ ᠬᠤᠲᠠ 2019 ᠣᠨ ᠤ ᠣᠶ ᠰᠢᠭᠤᠶ ᠶᠢᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠪᠠᠯᠠ ᠮᠥᠩᠭᠦ ᠶᠢ 8950 ᠲᠦᠮᠡᠨ ᠲᠥᠭᠦᠷᠢᠭ ᠪᠠᠭᠤᠯᠭᠠᠵᠤ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ | ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠨᠥᠬᠦᠪᠥᠷᠢ ᠳᠤ ᠲᠤᠰᠬᠠᠶ ᠬᠡᠷᠡᠭᠯᠡᠪᠡ᠃ | ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠶᠢ | ᠡᠬᠢᠯᠡᠭᠦᠯᠦᠭᠰᠡᠨ ᠠᠴᠠ ᠬᠤᠶᠢᠰᠢ᠂ ᠪᠤᠭᠤᠲᠤ ᠬᠤᠳᠠ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠮᠢ ᠠᠬᠤᠶ ᠶᠢᠨ | ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠠᠷᠢᠶᠠᠯᠠᠩ ᠤᠨ ᠠᠵᠤ ᠦᠶᠯᠡᠰ ᠤᠨ ᠪᠦᠲᠦᠴᠡ ᠶᠢ ᠲᠣᠬᠢᠷᠠᠭᠤᠯᠬᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠪᠠᠶᠠᠵᠢᠭᠤᠯᠬᠤ ᠶᠢ ᠨᠢ ᠠᠬᠢᠭᠤᠯᠬᠤ ᠯᠤᠭ᠎ᠠ ᠤᠶᠠᠯᠳᠤᠭᠤᠯᠵᠤ᠂ | ᠪᠦᠬᠦ ᠬᠤᠳᠠ ᠶᠢᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠣᠰ ᠤᠳᠠᠭᠠᠨ | ᠤ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠪᠦᠷᠢ ᠶᠢᠨ ᠲᠠᠯᠠᠪᠠᠶ | ᠨᠢ ᠨᠡᠶᠢᠲᠡ 17.9 ᠲᠦᠮᠡᠨ ᠮᠥ ᠪᠣᠯᠣᠨ᠎ᠠ᠂ ᠮᠥ ᠪᠦᠷᠢ ᠳᠤ 500 ᠲᠥᠭᠦᠷᠢᠭ ᠤᠨ ᠨᠥᠬᠦᠪᠥᠷᠢ ᠥᠭᠴᠦ᠂ | ᠪᠦᠬᠦᠨ ᠢ ᠭᠦᠶᠡᠩ ᠰᠢᠶᠠᠨ ᠳᠤ ᠪᠠᠭᠤᠯᠭᠠᠨ᠂ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ | ᠲᠠᠷᠢᠶᠠᠯᠠᠬᠤ ᠪᠠᠨ ᠵᠣᠭᠰᠣᠭᠠᠭᠰᠠᠨ ᠲᠠᠷᠢᠶᠠᠴᠢᠨ ᠡᠷᠦᠬᠡ ᠳᠤ ᠣᠯᠭᠤᠪᠠ᠃ | ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠢᠶ᠎ᠠ ᠪᠦᠬᠦᠢ ᠭᠠᠵᠠᠷ ᠣᠷᠣᠨ ᠳᠤ ᠪᠡᠯᠡ | ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠡᠯᠡ ᠮᠥᠩᠭᠦ | ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠭᠰᠠᠨ | ᠠᠮᠤᠷ ᠲᠦᠪᠰᠢᠨ ᠢ ᠪᠠᠲᠤᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠡᠭᠦᠨ ᠤ ᠬᠠᠮᠲᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ | ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ | ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | |