ᠣᠷᠳᠣᠰ ᠬᠤᠲᠠ ᠡᠮᠴᠢᠯᠡᠬᠦ ᠠᠰᠠᠷᠠᠬᠤ ᠶᠢ ᠤᠶᠠᠯᠳᠤᠭᠤᠯᠤᠨ ᠨᠠᠰᠤᠲᠠᠨ ᠳᠤ ᠲᠦᠰᠢᠭ ᠪᠣᠯᠬᠤ ᠶᠢ ᠶᠡᠭᠡ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/1/17
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢᠨ ᠨᠠᠰᠤᠵᠢᠯᠲᠠ ᠶᠢᠨ ᠲᠥᠯᠥᠪᠵᠢᠭᠦᠯᠭᠡ 2018 — 2020︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠬᠡᠷᠡᠭᠵᠢᠭᠦᠯᠦᠯᠲᠡ ᠶᠢᠨ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠢ ᠦᠨᠡᠨ ᠬᠦ ︽ᠥᠲᠡᠯᠪᠡᠯ ᠲᠦᠰᠢᠭ ᠲᠠᠢ ᠪᠠᠶᠢᠯᠭᠠᠬᠤ᠂ ᠥᠲᠡᠯᠪᠡᠯ ᠠᠰᠠᠷᠠᠮᠵᠢ ᠲᠠᠢ ᠪᠠᠶᠢᠯᠭᠠᠬᠤ︾᠎ ᠶᠢᠨ ᠲᠤᠰᠠᠳᠠ᠂ ᠣᠶᠢᠷ᠎ᠠ ᠶᠢᠨ ᠵᠢᠯ ᠳᠤ᠂ ᠣᠷᠳᠣᠰ ᠬᠤᠲᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠡᠮᠴᠢᠯᠡᠬᠦ ᠪᠠᠷ ᠭᠤᠤᠯ ᠪᠣᠯᠭᠠᠵᠦ᠂ ᠠᠰᠠᠷᠠᠨ ᠰᠤᠪᠢᠯᠠᠬᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠵᠦᠢᠯ ᠤᠨ ᠵᠠᠭᠪᠤᠷ ᠢ ᠬᠡᠷᠡᠭᠵᠢᠭᠦᠯᠵᠦ᠂ ︽ᠨᠠᠰᠤᠲᠠᠶᠢᠴᠤᠳ ᠤᠨ ᠠᠵᠢᠯ ᠢ ᠠᠳᠬᠤᠬᠤ ᠬᠥᠮᠦᠨ ᠲᠠᠢ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠢᠶᠠᠷᠬᠤ ᠬᠥᠮᠦᠨ ᠲᠠᠢ᠂ ᠨᠠᠰᠤᠲᠠᠶᠢᠴᠤᠳ ᠤᠨ ᠬᠦᠴᠢᠷᠳᠡᠯ ᠢ ᠬᠠᠪᠰᠤᠷᠬᠤ ᠬᠥᠮᠦᠨ ᠲᠠᠢ ᠪᠠᠶᠢᠯᠭᠠᠬᠤ︾ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠵᠢᠴᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠨᠡᠶᠢᠭᠡᠮ ᠳᠤ ᠰᠠᠶᠢᠨ ᠰᠠᠶᠢᠬᠠᠨ ᠨᠦᠯᠦᠭᠡ ᠦᠵᠡᠭᠦᠯᠪᠡ᠃      ᠣᠷᠳᠣᠰ ᠬᠤᠲᠠ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 173 ᠪᠠᠶᠢᠵᠤ᠂ 14235 ᠣᠷᠣ ᠎ ᠲᠠᠢ ᠪᠠᠶᠢᠳᠠᠭ᠃ ᠡᠭᠦᠨ ᠳᠤ ᠡᠮᠴᠢᠯᠡᠭᠡ ᠰᠤᠪᠢᠯᠠᠯᠲᠠ ᠤᠶᠠᠯᠳᠤᠭᠰᠠᠨ ᠪᠠᠶᠢᠭᠤᠯᠤᠮᠵᠢ 28᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠣᠷᠣ 5065 ᠪᠠᠶᠢᠵᠤ᠂ ᠨᠢᠭᠡᠨᠲᠡ ᠪᠠᠶᠢᠭᠤᠯᠤᠭᠰᠠᠨ ᠤᠯᠤᠰ ᠤᠨ ᠳᠡᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠎ ᠬᠢ 5᠂ ᠡᠷᠡᠭᠦᠯᠵᠢᠯ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠠ 6 ᠪᠣᠢ᠂ ᠪᠠᠶᠢᠭᠤᠯᠤᠭᠰᠠᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠰᠤᠪᠢᠯᠠᠯᠲᠠ ᠶᠢᠨ ᠣᠷᠣ 519 ᠪᠠᠶᠢᠨ᠎ᠠ᠃ ᠪᠠᠶᠢᠭᠤᠯᠤᠭᠰᠠᠨ ᠰᠤᠪᠢᠯᠠᠯᠲᠠ ᠶᠢᠨ ᠬᠦᠷᠢᠶᠡᠯᠡᠩ 2᠂ ᠰᠤᠪᠢᠯᠠᠯᠲᠠ ᠶᠢᠨ ᠣᠷᠣ 60 ᠪᠠᠶᠢᠨ᠎ᠠ︔ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠡᠳᠦᠷ ᠲᠤᠲᠤᠮ ᠠᠰᠠᠷᠠᠨ ᠬᠠᠷᠠᠭᠠᠯᠵᠠᠬᠤ ᠲᠥᠪ ︵ᠨᠡᠶᠢᠭᠡᠮ ᠲᠣᠭᠤᠷᠢᠭ ᠨᠢ ᠨᠠᠰᠤᠲᠠᠶᠢᠴᠤᠳ ᠲᠤ ᠦᠢᠯᠡᠴᠢᠯᠡᠬᠦ ᠲᠥᠪ︶ 54᠂ 1200 ᠣᠷᠣ ᠪᠠᠶᠢᠨ᠎ᠠ᠃ 2019 ᠣᠨ ᠳᠤ᠂ ᠬᠤᠲᠠ ᠶᠢᠨ ᠲᠣᠰ ᠱᠠᠲᠤ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠵᠠᠷᠤᠳᠠᠯ 50 ᠲᠦᠮᠡᠨ ᠲᠥᠭᠦᠷᠢᠭ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠲᠤᠰᠬᠠᠶ ᠵᠦᠢᠯ ᠤᠨ ᠵᠠᠷᠤᠳᠠᠯ 86 ᠲᠦᠮᠡᠨ ᠲᠥᠭᠦᠷᠢᠭ ᠣᠷᠣᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠵᠢᠴᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠬᠦᠴᠦᠲᠡᠶ ᠪᠠᠲᠤᠯᠠᠪᠠ᠃ ᠣᠷᠳᠣᠰ ᠬᠤᠲᠠ ᠲᠠᠯ᠎ᠠ ᠪᠡᠶ᠎ᠡ ᠲᠠᠮᠪᠠᠷᠠᠭᠰᠠᠳ ᠤᠨ ᠶᠡᠷᠦᠩᠬᠡᠶᠢᠯᠡᠭᠰᠡᠨ ᠪᠣᠯᠪᠠᠰᠤᠷᠠᠯ᠂ ᠲᠠᠨᠢᠨ ᠮᠡᠳᠡᠬᠦ ᠮᠡᠳᠡᠷᠡᠮᠵᠢ ᠶᠢᠨ ᠡᠷᠡᠭᠦᠯᠵᠢᠯ ᠤᠨ ᠪᠣᠯᠪᠠᠰᠤᠷᠠᠯ ᠵᠡᠷᠭᠡ ᠮᠣᠩᠭᠤᠯ ᠬᠢᠲᠠᠳ ᠡᠮᠨᠡᠯᠭᠡ ᠶᠢᠨ ᠡᠷᠡᠭᠦᠯᠵᠢᠯ ᠤᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠪᠠ᠃ ᠣᠷᠳᠣᠰ ᠬᠤᠲᠠ ᠶᠢᠨ ᠡᠷᠡᠭᠦᠯ ᠬᠠᠮᠠᠭᠠᠯᠠᠯ ᠤᠨ ᠰᠤᠷᠭᠠᠭᠤᠯᠢ ᠳᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠴᠢᠳᠠᠪᠤᠷᠢᠲᠠᠨ ᠤ ᠡᠩᠨᠡᠭᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠶᠢᠨ ᠨᠠᠰᠤᠲᠠᠨ ᠢ ᠠᠰᠠᠷᠠᠨ ᠰᠤᠪᠢᠯᠠᠭᠴᠢᠳ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠪᠠ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠠᠬᠢᠭᠤᠯᠵᠤ᠂ ᠠᠩᠬ᠎ᠠ ᠠᠯᠬᠤᠮ ᠠᠯᠪᠠᠨ ᠤ ᠪᠠ ᠬᠤᠪᠢ ᠶᠢᠨ ᠰᠦᠢᠳᠬᠡᠯ ᠤᠨ ᠬᠢ ᠶᠢ ᠬᠠᠮᠲᠤ ᠳᠤ ᠨᠢ ᠬᠠᠷᠠᠭᠠᠯᠵᠠᠵᠤ᠂ ᠣᠯᠠᠨ ᠲᠠᠯ᠎ᠠ ᠪᠠᠷ ᠬᠡᠪᠴᠢᠶ᠎ᠡ ᠪᠠᠨ ᠥᠷᠭᠡᠳᠬᠡᠨ᠂ ᠬᠤᠲᠠ ᠬᠥᠳᠡᠭᠡ ᠶᠢ ᠬᠠᠮᠤᠷᠤᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠰᠢᠨ᠎ᠡ ᠪᠠᠶᠢᠳᠠᠯ ᠢ ᠪᠣᠶ ᠪᠣᠯᠭᠠᠪᠠ᠃ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠡᠷᠡᠭᠦᠯ ᠮᠡᠨᠳᠦ ᠠᠰᠠᠷᠠᠨ ᠰᠤᠪᠢᠯᠠᠬᠤ ᠦᠢᠯᠡᠴᠢᠯᠡᠭᠡ ᠶᠢ ᠪᠣᠶ ᠪᠣᠯᠭᠠᠭᠰᠠᠨ ᠶᠠᠪᠤᠳᠠᠯ︾ ᠪᠠ ᠣᠷᠳᠣᠰ ᠤᠨ ᠵᠥᠩ ᠬᠤᠸᠠ ᠴᠢᠩ ᠡᠮᠴᠢᠯᠡᠭᠡ ᠰᠤᠪᠢᠯᠠᠯᠲᠠ ᠶᠢᠨ ᠬᠤᠷᠢᠶ᠎ᠠ ᠶᠢᠨ ︽ᠡᠮᠴᠢᠯᠡᠨ ᠰᠤᠪᠢᠯᠠᠵᠤ ᠡᠷᠡᠭᠦᠯᠵᠢᠭᠦᠯᠬᠦ‍ ᠨᠢᠭᠡ ᠴᠣᠭᠴᠠᠵᠢᠭᠤᠯᠤᠭᠰᠠᠨ ᠪᠦᠯᠦᠭᠯᠡᠯ ᠤᠨ ᠴᠢᠨᠠᠷᠲᠠᠶ ᠠᠵᠢᠯᠯᠠᠭᠠᠨ︾᠎ ᠨᠢ ᠪᠥᠬᠦ ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠡᠶᠢᠲᠡᠯᠢᠭ ᠲᠤᠷᠰᠢᠯᠭ᠎ᠠ ᠶᠢᠨ ᠨᠡᠷᠡᠰ ᠲᠤ ᠲᠣᠳᠣᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号