| | | 1 ᠰᠠᠷ᠎ᠠ ᠶᠢᠨ 18 ᠤ ᠦᠳᠡ ᠶᠢᠨ ᠡᠮᠦᠨ᠎ᠡ᠂ ᠬᠥᠬᠡᠬᠤᠲᠠ ᠶᠢᠨ ᠵᠠᠰᠠᠭ ᠤᠨ ᠣᠷᠳᠣᠨ ᠬᠢᠬᠡᠳ ᠸᠠᠩ ᠹᠦ᠋ | ᠵᠢᠩ ᠪᠦᠯᠦᠭᠯᠡᠯ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠳᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠠᠶ ᠯᠢ ᠬᠤᠸᠠ ᠵᠦᠪᠯᠡᠯᠴᠡᠭᠡᠷ ᠳᠤᠭᠳᠠᠭᠰᠠᠨ ᠢ ᠭᠡᠷᠡᠴᠢᠯᠡᠵᠡᠢ᠃ | ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠵᠠᠩ ᠪᠠᠢ | ᠴᠧᠩ᠂ ᠸᠠᠩ ᠹᠦ᠋ ᠵᠢᠩ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠦ᠋ | ᠪᠦᠦ ᠰᠢᠶᠠᠩ ᠬᠤᠶᠠᠷ ᠲᠠᠯ᠎ᠠ ᠶᠢ ᠲᠥᠯᠥᠭᠡᠯᠡᠨ ᠵᠦᠪᠯᠡᠯᠴᠡᠬᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ | ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ︾ | ᠵᠠᠷᠴᠢᠮ ᠢᠶᠠᠷ ᠬᠥᠬᠡᠬᠤᠲᠠ ᠶᠢᠨ ᠣᠷᠣᠨ ᠪᠠᠶᠢᠷᠢ᠂ ᠡᠬᠢ ᠪᠠᠶᠠᠯᠢᠭ᠂ ᠠᠵᠤ ᠠᠬᠤᠶ ᠶᠢᠨ ᠣᠷᠴᠢᠨ᠂ ᠠᠵᠤ | ᠦᠢᠯᠡᠰ ᠤᠨ ᠰᠠᠭᠤᠷᠢ ᠵᠡᠷᠭᠡ ᠲᠠᠯ᠎ᠠ ᠶᠢᠨ ᠳᠠᠪᠠᠭᠤᠯᠢᠭ ᠵᠢᠴᠢ ᠸᠠᠩ ᠹᠦ᠋ ᠵᠢᠩ ᠪᠦᠯᠦᠭᠯᠡᠯ ᠤᠨ ᠡᠵᠡᠩᠨᠡᠯᠲᠡ᠂ | ᠬᠠᠮᠢᠶᠠᠷᠤᠯᠲᠠ᠂ ᠨᠠᠷᠠᠲᠤ ᠲᠥᠷᠥᠯ ᠲᠡᠮᠳᠡᠭ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠳᠣ | ᠬᠤᠭᠤᠴᠠᠭᠠᠨ ᠤ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠨ᠎ᠠ᠃ | ᠸᠠᠩ ᠹᠦ᠋ ᠵᠢᠩ ᠪᠦᠯᠦᠭᠯᠡᠯ ᠬᠥᠬᠡᠬᠤᠲᠠ ᠳᠤ ᠨᠢᠭᠡ ᠬᠤᠲᠠ ᠶᠢᠨ ᠣᠯᠠᠨ ᠶᠠᠩᠵᠤ ᠶᠢᠨ ᠡᠵᠡᠩᠨᠡᠯᠲᠡ ᠶᠢᠨ ᠬᠡᠯᠪᠡᠷᠢ ᠶᠢ | ᠬᠠᠮᠵᠢᠯᠴᠠᠭᠤᠯᠤᠨ ᠬᠥᠭᠵᠢᠭᠦᠯᠵᠦ᠂ ᠠᠤᠲᠯᠠᠶᠢᠰ ᠪᠠ ᠬᠤᠳᠠᠯᠳᠤᠭᠠᠨ ᠤ ᠲᠥᠪ ᠵᠡᠷᠭᠡ ᠲᠣᠮᠣ ᠬᠡᠯᠪᠡᠷᠢ ᠶᠢᠨ | ᠬᠤᠳᠠᠯᠳᠤᠭᠠᠨ ᠤ ᠲᠥᠷᠥᠯ ᠵᠦᠢᠯ ᠢ ᠨᠡᠭᠡᠭᠡᠨ ᠪᠠᠶᠢᠭᠤᠯᠬᠤ ᠪᠣᠯᠤᠨ᠎ᠠ᠃ ᠬᠥᠬᠡᠬᠤᠲᠠ ᠶᠢᠨ ᠵᠠᠰᠠᠭ ᠤᠨ | ᠣᠷᠳᠣᠨ ᠠᠴᠠ ᠸᠠᠩ ᠹᠦ᠋ ᠵᠢᠩ ᠪᠦᠯᠦᠭᠯᠡᠯ ᠤᠨ ᠪᠠᠯᠠ ᠣᠷᠣᠭᠤᠯᠤᠭᠰᠠᠨ ᠲᠥᠷᠥᠯ ᠵᠦᠢᠯ ᠨᠢ ᠲᠤᠬᠠᠶ ᠶᠢᠨ | ᠭᠠᠵᠠᠷ ᠲᠤ ᠨᠠᠶᠢᠳᠠᠪᠤᠷᠢᠵᠢᠭᠤᠯᠤᠭᠳᠠᠨ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠢᠶᠠᠨ ᠳᠡᠮᠵᠢᠬᠦ ᠶᠢᠨ ᠬᠠᠮᠲᠤ ᠪᠠᠯᠠ | ᠣᠷᠣᠭᠤᠯᠤᠯᠲᠠ ᠶᠢ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠷᠥᠯ ᠵᠦᠢᠯ ᠢ | ᠵᠤᠯᠭᠠᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠪᠤᠯᠤᠨ᠎ᠠ᠃ ᠲᠤᠬᠠᠶ ᠶᠢᠨ ᠲᠠᠯᠠᠪᠠᠶ ᠳᠤ ᠪᠠᠰᠠ | ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠵᠤ ᠨᠡᠭᠡᠭᠡᠨ | ᠬᠥᠭᠵᠢᠭᠦᠯᠬᠦ ᠪᠦᠯᠦᠭᠯᠡᠯ ᠬᠢᠬᠡᠳ ᠸᠠᠩ ᠹᠦ᠋ ᠵᠢᠩ ᠪᠦᠯᠦᠭᠯᠡᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠳᠤᠭᠳᠠᠬᠤ | ᠶᠣᠰᠣᠯᠠᠯ ᠶᠠᠪᠤᠭᠳᠠᠵᠠᠢ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠠᠵᠢᠯᠯᠠᠭ᠎ᠠ ᠳᠤ ᠣᠷᠣᠯᠴᠠᠪᠠ᠃ |