ᠪᠦᠬᠦ ᠤᠷᠤᠨ ᠤ ᠠᠵᠢᠯ ᠠᠴᠠ ᠪᠠᠨ ᠲᠠᠷᠬᠠᠯᠠᠬᠳᠠᠬᠰᠡᠨ ᠠᠵᠢᠯ ᠠᠴᠠ ᠪᠠᠨ ᠠᠮᠠᠷᠠᠬᠰᠡᠨ ᠠᠬᠠᠮᠠᠳ ᠨᠦᠬᠦᠳ ᠲᠤ ᠦᠭᠬᠦᠭᠰᠡᠨ ᠲᠤᠬᠤᠨᠢᠭᠤᠯᠬᠤ ᠵᠠᠬᠢᠳᠡᠯ
ᠨᠡᠶᠢᠲᠡᠯᠡᠭᠰᠡᠨ ᠴᠠᠭ᠄
2020/1/20
ᠪᠦᠬᠦ ᠤᠷᠤᠨ ᠤ ᠠᠵᠢᠯ ᠠᠴᠠ ᠪᠠᠨ ᠳᠠᠷᠬᠠᠯᠠᠬᠳᠠᠭᠰᠠᠨ ᠠᠵᠢᠯ ᠠᠴᠠ ᠪᠠᠨ ᠠᠮᠠᠷᠠᠬᠰᠠᠨ ᠠᠬᠠᠮᠠᠳ ᠨᠦᠬᠦᠳ ᠲᠤ᠄      ᠤᠷᠢᠬᠠᠨ ᠬᠠᠪᠤᠷ ᠦᠢᠷᠠᠳᠴᠤ᠂ ᠤᠨ ᠵᠢᠯ ᠰᠢᠨᠡᠳᠬᠦ ᠪᠤᠯᠤᠯ᠎ᠡ᠃ 2020 ᠤᠨ ᠤ ᠴᠠᠭᠠᠨ ᠰᠠᠷ᠎ᠠ ᠬᠦᠷᠴᠤ ᠢᠷᠡᠬᠦ ᠪᠤᠯᠤᠭᠰᠠᠨ ᠳᠠᠰᠢᠷᠠᠮ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠪᠦᠬᠦ ᠤᠷᠤᠨ ᠤ ᠠᠵᠢᠯ ᠠᠴᠠ ᠪᠠᠨ ᠳᠠᠷᠬᠠᠯᠠᠬᠳᠠᠭᠰᠠᠨ ᠠᠵᠢᠯ ᠠᠴᠠ ᠪᠠᠨ ᠠᠮᠠᠷᠠᠬᠰᠠᠨ ᠠᠬᠠᠮᠠᠳ ᠨᠦᠬᠦᠳ ᠪᠤᠯᠤᠨ ᠲᠠ ᠨᠠᠷ ᠤᠨ ᠬᠡᠷ ᠪᠦᠯᠢ ᠶᠢᠨ ᠬᠢᠨ ᠳᠤ ᠪᠠᠶᠠᠷ ᠤᠨ ᠡᠳᠤᠷ ᠤᠨ ᠮᠡᠨᠳᠦᠴᠢᠯᠡᠯ ᠬᠦᠷᠬᠡᠵᠤ᠂ ᠰᠠᠷ᠎ᠠ ᠰᠢᠨ᠎ᠡ ᠶᠢᠨ ᠵᠦᠡᠭᠨᠡᠯ ᠲᠡᠪᠰᠢᠬᠦᠯᠵᠤ ᠪᠠᠶᠢᠨ᠎ᠠ︕      ᠰᠠᠶ᠋ᠶᠬᠠᠨ ᠦᠡᠭᠭᠡᠷᠡᠭᠰᠡᠨ 2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠬᠦᠯᠬᠦ ᠵᠠᠩᠭᠢᠯᠠᠭ᠎ᠠ ᠶᠢᠨ ᠵᠢᠯ ᠪᠤᠯᠤᠨ᠎ᠡ᠂ ᠮᠦᠨ ᠴᠤ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠶᠢᠨ ᠶᠠᠪᠤᠴᠠ ᠳᠠᠬᠢ ᠳᠦᠢᠯ ᠤᠨ ᠶᠡᠷᠦ ᠪᠤᠰᠤ ᠶᠢᠨ ᠨᠢᠬᠡ ᠵᠢᠯ ᠪᠤᠯᠤᠨ᠎ᠡ᠃ ᠶᠡᠷᠦᠩᠬᠡᠢ ᠱᠦᠵᠢ ᠰᠢ ᠶᠢᠨ ᠫᠢᠩ 3 ᠰᠠᠷ᠎ᠡ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠵᠤ᠂ 7 ᠰᠠᠷ᠎ᠡ ᠳᠤ ᠮᠠᠨ ᠤ ᠤᠷᠤᠨ ᠳᠤ ᠢᠷᠡᠵᠤ ᠰᠢᠨᠵᠢᠯᠡᠨ ᠪᠠᠶᠢᠴᠠᠭᠠᠵᠤ ᠵᠢᠭᠠᠨ ᠵᠢᠯᠤᠭᠤᠳᠬᠤ ᠶᠢᠨ ᠬᠠᠮᠳᠤ ᠴᠢᠬᠤᠯᠠ ᠶᠠᠷᠢᠶ᠎ᠡ ᠲᠠᠯᠪᠢᠪᠠ᠂ ᠡᠨᠡ ᠪᠤᠯ ᠦᠪᠦᠷ ᠮᠤᠩᠭᠤᠯ ᠤᠨ ᠬᠦᠭᠵᠢᠯᠳᠡ ᠶᠢᠨ ᠳᠡᠥᠬᠡᠨ ᠳᠡᠬᠡᠷᠡᠬᠢ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠳᠤᠮᠤ ᠶᠠᠪᠤᠳᠠᠯ ᠪᠠᠶᠢᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠳᠦᠮᠡᠨ ᠤ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ ᠢᠳᠡᠬᠡᠯ ᠵᠤᠷᠢᠭ ᠢ ᠶᠡᠭᠡ ᠪᠠᠷ ᠬᠦᠪᠴᠢᠯᠡᠪᠠ᠃ ᠡᠨᠡ ᠨᠢᠬᠡ ᠵᠢᠯ ᠳᠤ᠂ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠦᠬᠦ ᠤᠷᠤᠨ ᠤ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠎ ᠢ ᠪᠦᠯᠬᠦᠮᠳᠡᠬᠦᠯᠤᠨ ᠲᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠵᠤᠷᠢᠬᠳᠠᠢ ᠪᠠᠷ ᠤᠷᠤᠬᠰᠢᠯᠡᠨ ᠲᠠᠪᠰᠢᠵᠤ᠂ ᠨᠡᠭᠡᠭᠡᠯᠳᠠ ᠬᠢᠵᠤ ᠰᠢᠨ᠎ᠡ ᠶᠢ ᠡᠬᠦᠳᠴᠤ᠂ ᠪᠡᠷᠭᠡ ᠶᠢ ᠲᠠᠪᠠᠵᠤ ᠬᠦᠴᠢᠷ ᠢ ᠲᠤᠭᠤᠯᠤᠨ᠂ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠠ ᠢᠳᠡᠪᠬᠢᠳᠠᠢ ᠦᠷ᠎ᠡ ᠪᠦᠳᠦᠮᠵᠢ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠠᠵᠢᠯ ᠴᠢᠬᠤᠯᠠ ᠶᠡᠭᠡ ᠠᠬᠢᠴᠠ ᠲᠠᠢ ᠪᠤᠯᠪᠠ᠃ ᠵᠢᠱᠢᠯᠳᠠ ᠪᠠᠷ ᠤᠷᠤᠨ ᠨᠤᠳᠤᠭ ᠤᠨ ᠤᠢᠢᠯᠡᠳᠪᠤᠷᠢᠯᠠᠯ ᠤᠨ ᠶᠠᠷᠤᠩᠬᠡᠢ ᠦᠷᠳᠡᠭ ᠤᠨ ᠨᠡᠮᠡᠭᠳᠡᠯ 5.5%᠎ ᠳᠤ ᠬᠦᠷᠴᠤ᠂ ᠲᠤᠬᠳᠠᠮᠠᠯ ᠬᠦᠷᠤᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ 6%᠎ ᠠᠴᠠ ᠲᠡᠭᠡᠭᠰᠢ ᠪᠠᠶᠢᠵᠤ᠂ ᠡᠩ ᠤᠨ ᠤᠯᠠᠨ ᠨᠡᠶᠢᠳᠠ ᠶᠢᠨ ᠲᠦᠰᠤᠪ ᠤᠨ ᠤᠷᠤᠯᠭ᠎ᠠ 10.9%᠎ ᠪᠠᠷ ᠨᠡᠮᠡᠭᠳᠡᠨ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠤᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠲᠤᠰ ᠲᠤᠰ 6.5% ᠪᠠ 10%᠎ ᠪᠠᠷ ᠨᠡᠮᠡᠭᠳᠡᠵᠤ᠂ ᠤᠯᠤᠰ ᠤᠨ ᠲᠡᠰ ᠤᠨ 20 ᠶᠠᠳᠠᠭᠤ ᠬᠦᠴᠢᠷᠳᠠᠯᠳᠠᠢ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠵᠤ᠂ 676 ᠶᠠᠳᠠᠭᠤ ᠬᠦᠴᠢᠷᠳᠠᠯᠳᠠᠢ ᠭᠠᠴᠠᠭ᠎ᠠ ᠲᠤᠰᠬᠤᠨ ᠢ ᠶᠠᠳᠠᠭᠤ ᠠᠴᠠ ᠠᠩᠬᠢᠵᠢᠷᠠᠭᠤᠯᠵᠤ᠂ 14 ᠲᠦᠮᠡ ᠢᠯᠡᠬᠦᠦ ᠶᠠᠳᠠᠭᠤ ᠬᠦᠴᠢᠷᠳᠡᠯᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠪᠠ᠃ ᠡᠳᠡᠬᠡᠷ ᠠᠮᠵᠢᠯᠳᠠ ᠪᠦᠳᠤᠮᠵᠢ ᠶᠢ ᠤᠯᠤᠬᠰᠠᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠲᠤᠳᠤᠨᠤ ᠬᠠᠯᠠᠮᠵᠢᠯᠠᠯ ᠎ ᠤᠨ ᠦᠷ᠎ᠠ ᠳ᠋ᠦᠩ ᠪᠤᠯᠤᠨ᠎ᠠ᠂ ᠪᠦᠬᠦ ᠤᠷᠤᠨ ᠤ ᠦᠨᠳᠤᠰᠤᠳᠠᠨ ᠨᠦᠭᠦᠳ ᠤᠨ ᠺᠠᠳ᠋ᠷ ᠠᠷᠠᠳ ᠲᠦᠮᠡᠨ ᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠭᠰᠡᠨ ᠤ ᠦᠷ᠎ᠠ ᠳ᠋ᠦᠩ ᠪᠤᠯᠤᠨ᠎ᠠ᠂ ᠮᠦᠨ ᠴᠤ ᠦᠷᠬᠡᠨ ᠤᠯᠠᠨ ᠠᠵᠢᠯ ᠠᠴᠠ ᠪᠠᠨ ᠲᠠᠷᠬᠠᠯᠠᠬᠳᠠᠬᠰᠠᠨ ᠪᠠ ᠠᠵᠢᠯ ᠠᠴᠠ ᠪᠠᠨ ᠠᠮᠠᠷᠠᠭᠰᠠᠠ ᠠᠬᠠᠮᠠᠳ ᠨᠦᠬᠦᠳ ᠤᠨ ᠬᠠᠯᠠᠮᠵᠢᠯᠡᠨ ᠲᠡᠮᠵᠢᠵᠤ ᠬᠠᠷᠠᠮ ᠦᠬᠡᠢ ᠵᠤᠷᠢᠭᠤᠯᠤᠬᠰᠠᠨ ᠤ ᠦᠷ᠎ᠠ ᠳ᠋ᠦᠩ ᠪᠤᠯᠬᠤ ᠶᠤᠮ᠃ ᠦᠡᠭᠭᠡᠷᠡᠭᠰᠡᠨ ᠨᠢᠬᠡ ᠵᠢᠯ ᠤᠨ ᠲᠤᠷᠰᠢ᠂ ᠪᠦᠬᠦ ᠤᠷᠤᠨ ᠤ ᠦᠷᠭᠡᠨ ᠤᠯᠠᠨ ᠠᠬᠠᠮᠠᠳ ᠨᠦᠬᠦᠳ ᠠᠵᠢᠯ ᠠᠴᠠ ᠪᠠᠨ ᠲᠠᠷᠬᠠᠯᠠᠬᠳᠠᠬᠰᠠᠨ ᠴᠤ ᠠᠵᠢᠯ ᠎ ᠤᠨ ᠵᠤᠷᠢᠬ ᠰᠢᠨᠳᠠᠷᠠᠰᠢ ᠦᠬᠡᠢ᠂ ᠠᠵᠢᠯ ᠠᠴᠠ ᠪᠠᠨ ᠠᠮᠠᠷᠠᠬᠰᠠᠨ ᠴᠤ ᠡᠷᠴᠢ ᠬᠦᠴᠤᠨ ᠬᠤᠪᠢᠷᠡᠰᠢ ᠦᠬᠡᠢ ᠪᠠᠷ ᠦᠷᠬᠦᠯᠵᠢᠯᠡᠨ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠢ ᠠᠬᠢᠭᠤᠯᠬᠤ ᠳᠤ ᠲᠤᠰ ᠪᠠᠶ᠎ᠠ ᠶᠢᠨ ᠦᠪᠡᠷᠮᠢᠴᠠ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠲᠡᠭᠡᠳᠤ ᠬᠡᠮᠵᠢᠶᠠᠨ ᠤ ᠤᠯᠤᠰ ᠲᠦᠷᠦ ᠶᠢᠨ ᠤᠬᠠᠮᠰᠠᠷ ᠪᠠ ᠪᠠᠳᠤ ᠴᠢᠩᠭ᠎ᠠ ᠠᠵᠢᠯ ᠦᠢᠯᠡᠰᠴᠢ ᠰᠡᠳᠬᠢᠯ᠂ ᠬᠠᠷᠢᠭᠤᠴᠠᠯᠭᠠᠳᠤ ᠰᠡᠳᠬᠢᠯᠭᠡ ᠶᠢ ᠢᠯᠡᠷᠡᠬᠦᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠠ ᠳᠤ ᠰᠢᠨ᠎ᠡ ᠬᠤᠪᠢ ᠨᠠᠮᠠᠷᠢ ᠦᠵᠡᠬᠦᠯᠪᠡ᠃ ᠠᠳᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠡᠯ᠎ᠡ ᠠᠬᠠᠮᠠᠳ ᠨᠦᠬᠦᠳ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠶᠢᠨ ᠬᠠᠮᠲᠦ ᠡᠷᠬᠢᠮ ᠲᠡᠭᠡᠳᠤ ᠬᠦᠨᠳᠤᠳᠬᠡᠯ ᠢᠶᠠᠨ ᠲᠡᠪᠰᠢᠬᠦᠯᠵᠤ ᠪᠠᠶᠢᠨ᠎ᠠ︕      ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠨ ᠠᠭᠤᠤ ᠦᠢᠯᠡᠰ ᠢ ᠪᠤᠰᠬᠠᠵᠥ᠂ ᠨᠢᠬᠡ ᠰᠡᠳᠬᠢᠯ ᠨᠢᠬᠡ ᠵᠤᠷᠢᠭ ᠢᠶᠠᠷ ᠰᠢᠨ᠎ᠡ ᠬᠠᠭᠤᠳᠠᠰᠤ ᠶᠢ ᠪᠢᠴᠢᠭᠯᠡᠮᠤᠢ᠃ 2020 ᠤᠨ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠰᠠᠬᠦᠯ ᠬᠤᠷᠢᠶᠠᠬᠤ ᠵᠢᠯ ᠪᠤᠯᠤᠨ᠎ᠠ᠃ ᠰᠢᠨ᠎ᠠ ᠨᠢᠬᠡ ᠵᠢᠯ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠎ ᠤᠨ ᠤᠷᠳᠤᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠤᠯᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠤᠰᠤᠨ ᠤᠨᠤᠯ᠂ ᠦᠨᠳᠤᠰᠤᠨ ᠱᠤᠭᠤᠮ᠂ ᠦᠨᠳᠤᠰᠤᠨ ᠠᠷᠭ᠎ᠠ ᠪᠤᠳᠤᠯᠭ᠎ᠠ ᠶᠢ ᠡᠷᠡᠰ ᠲᠤᠭᠤᠰᠢᠯᠠᠭᠤᠯᠵᠤ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠦᠷᠪᠡᠨ ᠢᠳᠡᠬᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠠᠶᠠᠯᠡᠬᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠬᠠᠷᠠᠯᠳᠠ ᠡᠬᠦᠷᠭᠡ ᠲᠠᠢ ᠨᠢᠬᠳᠠ ᠤᠶᠠᠯᠳᠤᠭᠤᠯᠵᠤ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠪᠠᠷᠢᠮᠳᠠᠯᠠᠵᠤ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠰᠢᠵᠢᠮ ᠪᠤᠯᠭᠠᠵᠤ᠂ ᠦᠭᠡᠷᠡᠴᠢᠯᠡᠯᠳᠠ ᠨᠡᠭᠡᠭᠡᠯᠳᠠ ᠬᠢᠬᠦ ᠪᠠᠷ ᠬᠦᠳᠡᠯᠭᠡᠬᠦ ᠬᠦᠴᠤ ᠪᠤᠯᠭᠠᠬᠤ ᠶᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠠ ᠶᠢ ᠬᠦᠴᠤᠯᠠᠨ ᠠᠬᠢᠭᠤᠯᠵᠤ᠂ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠤᠷ ᠬᠢᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠠᠯᠳᠠ ᠶᠢ ᠠᠬᠢᠭᠤᠯᠬᠤ᠂ ᠪᠦᠳᠤᠴᠠ ᠶᠢ ᠲᠤᠬᠢᠷᠠᠭᠤᠯᠬᠤ᠂ ᠠᠷᠠᠳ ᠤᠨ ᠠᠮᠢᠲᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠡᠯ᠎ᠠ ᠵᠦᠢᠯ ᠤᠨ ᠠᠵᠢᠯ ᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢ ᠪᠠᠶᠠᠯᠡᠬᠦᠯᠬᠦ ᠠᠵᠢᠯ ᠤᠨ ᠲᠡᠬᠦᠰ ᠠᠮᠵᠢᠯᠳᠠᠳᠠᠢ ᠰᠡᠬᠦᠯ ᠬᠤᠷᠢᠶᠠᠬᠤ ᠶᠢ ᠦᠨᠡᠨ ᠬᠦ ᠪᠠᠳᠤᠯᠠᠵᠤ᠂ ᠪᠦᠬᠦ ᠤᠯᠤᠰ ᠲᠠᠢ ᠬᠠᠮᠳᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠪᠤᠯᠤᠨ᠎ᠡ᠃ ᠪᠢᠳᠠ ᠤᠷᠳᠤ ᠬᠤᠭᠤᠴᠠᠭ᠎ᠠ ᠪᠠᠷ ᠪᠠᠷᠢᠮᠳᠠᠯᠠᠬᠤ ᠳᠠᠭᠠᠭᠠᠮᠠᠭᠠᠢ ᠵᠤᠷᠢᠭ᠂ ᠴᠤᠴᠠᠯᠲᠠ ᠦᠭᠡᠢ ᠪᠠᠷ ᠤᠷᠤᠭᠰᠢᠯᠠᠬᠤ ᠲᠡᠮᠡᠴᠡᠯ ᠤᠨ ᠵᠤᠷᠢᠭ᠂ ᠤᠯᠠᠨ ᠠᠴᠠ ᠲᠦᠷᠦᠭᠦᠯᠡᠨ ᠬᠢᠬᠦ ᠡᠷᠴᠢ ᠵᠤᠷᠢᠭ ᠢᠶᠠᠷ ᠬᠠᠷᠠᠯᠳᠠ ᠶᠢᠨ ᠢᠶᠠᠨ ᠲᠦᠯᠦᠬᠡ ᠬᠦᠴᠦᠯᠡᠨ ᠴᠢᠷᠮᠠᠶᠢᠵᠤ᠂ ᠠᠯᠬᠤᠮ ᠪᠦᠷᠢ ᠎ ᠶᠢ ᠪᠠᠲᠤᠲᠠᠢ ᠠᠯᠬᠤᠬᠤ ᠳᠤ ᠬᠦᠷᠪᠡᠯ ᠪᠦᠭᠦ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠯᠠᠪᠳᠠᠢ ᠡᠳᠤᠷ ᠠᠴᠠ ᠡᠳᠤᠷ ᠰᠠᠶᠢᠵᠢᠷᠠᠵᠤ᠂ ᠤᠯᠠᠮ ᠠᠴᠠ ᠤᠯᠠᠮ ᠦᠬᠡᠳᠡᠯᠡᠨ᠎ᠠ ᠬᠡᠳᠡᠭ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠᠳᠤ ᠢᠳᠡᠭᠡᠵᠤ ᠪᠠᠶᠢᠨ᠎ᠠ᠃      ᠰᠢᠩᠭᠡᠭᠦ ᠨᠠᠷᠠᠨ ᠢ ᠤᠷᠤᠢ ᠬᠡᠮᠡᠨ ᠪᠢᠳᠡᠬᠡᠢ ᠬᠡᠯᠡᠭᠳᠤᠨ᠂ ᠰᠢᠷᠭᠠᠯ ᠲᠤᠶᠠᠭ᠎ᠠ ᠠᠨᠤ ᠬᠠᠭᠠᠰ ᠲᠡᠭᠷᠢ ᠶᠢ ᠬᠡᠶᠢᠬᠦᠯᠤᠨᠠᠮ᠃ ᠶᠡᠷᠤᠩᠭᠡᠢ ᠱᠦᠵᠢ ᠰᠢ ᠶᠢᠨ ᠫᠢᠩ᠂ ᠠᠬᠠᠮᠠᠳ ᠨᠦᠭᠦᠳ ᠪᠤᠯ ᠨᠠᠮ ᠤᠨ ᠲᠦᠷᠤ ᠪᠠᠷᠢᠵᠤ ᠤᠯᠤᠰ ᠎ ᠢᠶᠠᠨ ᠮᠠᠨᠳᠤᠭᠤᠯᠬᠤ ᠶᠢᠨ ᠴᠢᠬᠤᠯᠠ ᠤᠯᠤᠰ ᠲᠦᠷᠤ ᠶᠢᠨ ᠡᠬᠢ ᠪᠠᠶᠠᠯᠢᠭ ᠮᠦᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠦᠢᠯᠡᠰ ᠢ ᠠᠬᠢᠭᠤᠯᠬᠤ ᠴᠢᠬᠤᠯᠠ ᠬᠦᠴᠦᠨ ᠴᠢᠳᠠᠯ ᠪᠤᠯᠤᠨ᠎ᠡ ᠭᠡᠵᠤ ᠵᠢᠭᠠᠵᠤ ᠭᠠᠷᠭᠠᠪᠠ᠃ 2019 ᠤᠨ ᠤ 12 ᠰᠠᠷ᠎ᠡ ᠶᠢᠨ 16᠎ ᠤ ᠡᠳᠦᠷ᠂ ᠶᠡᠷᠤᠩᠭᠡᠢ ᠱᠦᠵᠢ ᠰᠢ ᠶᠢᠨ ᠫᠢᠩ ᠪᠦᠬᠦ ᠤᠯᠤᠰ ᠤᠨ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠡᠨ ᠺᠠᠳ᠋ᠷ ᠤᠨ ᠲᠡᠷᠢᠬᠦᠨ ᠤ ᠬᠠᠮᠳᠤ ᠨᠠᠶᠢᠳᠠ ᠪᠤᠯᠤᠨ ᠲᠡᠷᠢᠬᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠲᠤᠳᠤᠨᠤ ᠪᠠᠷ ᠠᠭᠤᠯᠵᠠᠬᠰᠡᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠠ ᠶᠢᠨ ᠦᠷᠭᠡᠨ ᠤᠯᠠᠨ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠡᠨ ᠠᠬᠠᠮᠠᠳ ᠨᠦᠬᠦᠳ ᠢ ᠠᠩᠬᠠᠷᠤᠨ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠬᠦᠯᠵᠤ᠂ ᠠᠬᠠᠮᠡᠳ ᠨᠦᠬᠦᠳ ᠲᠤ ᠯᠤᠳᠤ ᠶᠡᠭᠡ ᠵᠣᠷᠢᠭᠵᠢᠭᠤᠯᠣᠯ  ᠪᠤᠯᠵᠤ᠂ ᠠᠬᠠᠮᠡᠳ ᠨᠦᠬᠦᠳ ᠎ ᠤᠨ ᠰᠢᠨ᠎ᠡ ᠴᠠᠭ ᠦᠶ᠎ᠡ ᠶᠢᠨ ᠨᠠᠮ ᠤᠨ ᠲᠡᠤᠭᠡᠨ ᠡᠬᠦᠷᠭᠡ ᠶᠢ ᠪᠠᠶᠡᠯᠡᠬᠦᠯᠬᠦ ᠶᠢᠨ ᠲᠦᠯᠦᠭᠡ ᠦᠷᠬᠦᠯᠵᠢᠯᠡᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠶᠢ ᠵᠤᠷᠢᠬᠵᠢᠭᠤᠯᠤᠬᠰᠠᠨ ᠨᠢ ᠯᠠᠪᠳᠠᠢ ᠶᠤᠮ᠃ ᠦᠪᠡᠷᠳᠡᠭᠡᠨ ᠵᠠᠰᠠᠬᠤ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠭᠦ ᠤᠷᠤᠨ ᠤ ᠦᠷᠭᠡᠨ ᠤᠯᠠᠨ ᠠᠵᠢᠯ ᠠᠴᠠ ᠪᠠᠨ ᠲᠠᠷᠬᠠᠯᠠᠬᠳᠠᠭᠰᠠᠨ ᠠᠵᠢᠯ ᠠᠴᠠ ᠪᠠᠨ ᠠᠮᠠᠷᠠᠭᠰᠠᠠ ᠠᠬᠠᠮᠠᠳ ᠨᠦᠭᠦᠳ ᠤᠨ ᠲᠡᠤᠭᠡᠨ ᠭᠠᠪᠢᠶ᠎ᠡ ᠵᠢᠳᠬᠦᠯ ᠢ ᠢᠮᠠᠬᠳᠠ ᠪᠠᠳᠤ ᠴᠡᠭᠡᠵᠢᠯᠡᠵᠤ᠂ ᠠᠬᠠᠮᠠᠳ ᠨᠦᠬᠦᠳ ᠤᠨ ᠡᠷᠬᠢᠮ ᠲᠡᠭᠡᠳᠤ ᠵᠤᠷᠢᠭ ᠰᠠᠨᠠᠭ᠎ᠠ ᠶᠢ ᠶᠡᠭᠡ ᠬᠦᠴᠤᠨ ᠢᠶᠠᠷ ᠤᠯᠠᠮᠵᠢᠯᠠᠨ ᠵᠠᠯᠭᠠᠮᠵᠢᠯᠠᠵᠤ᠂ ᠠᠬᠠᠮᠠᠳ ᠨᠦᠭᠦᠳ ᠢ ᠰᠠᠶᠢᠳᠤᠷ ᠬᠠᠷᠠᠭᠠᠯᠵᠠᠨ ᠬᠠᠯᠠᠮᠵᠢᠯᠠᠵᠤ᠂ ᠬᠡᠭᠦᠳᠡᠭ ᠲᠦᠭᠦᠷᠡᠩ ᠬᠠᠯᠠᠭᠤᠨ ᠰᠡᠳᠬᠢᠯᠭᠡ ᠪᠠᠷ ᠠᠬᠠᠮᠠᠳ ᠨᠦᠭᠦᠳ ᠲᠤ ᠦᠢᠯᠡᠴᠢᠯᠡᠨ᠂ ᠠᠬᠠᠮᠠᠳ ᠨᠦᠭᠦᠳ ᠲᠤ ᠰᠠᠶᠢᠨ ᠰᠠᠶᠢᠬᠠᠨ ᠠᠮᠢᠳᠤᠷᠠᠯ ᠰᠤᠷᠤᠯᠴᠠᠯᠭ᠎ᠠ ᠶᠢᠨ ᠤᠷᠴᠢᠨ ᠲᠤᠭᠤᠷᠢᠨ ᠢ ᠡᠭᠦᠳᠤᠨ ᠦᠭᠬᠦ ᠪᠠᠷ ᠴᠢᠷᠮᠠᠶᠢᠵᠤ᠂ ᠠᠬᠠᠮᠠᠳ ᠨᠦᠭᠦᠳ ᠤᠨ ᠲᠠᠭᠠᠯᠠᠮᠵᠢᠳᠠᠢ ᠠᠮᠢᠳᠤᠷᠠᠵᠤ ᠦᠳᠡᠯᠤᠭᠡ ᠨᠠᠰᠤ ᠪᠠᠨ ᠵᠤᠯ ᠵᠢᠷᠭᠠᠯ ᠲᠠᠢ ᠪᠠᠷ ᠦᠡᠭᠭᠡᠷᠡᠭᠦᠯᠭᠦ ᠶᠢ ᠨᠢ ᠪᠠᠳᠤᠯᠠᠬᠤ ᠬᠡᠷᠡᠭᠳᠠᠢ᠃ ᠦᠡᠭᠭᠡᠷᠡᠭᠰᠠᠨ ᠲᠠᠢ ᠪᠠᠨ ᠠᠳᠠᠯᠢ ᠪᠠᠷ ᠦᠪᠡᠷᠳᠠᠭᠡᠨ ᠵᠠᠰᠠᠬᠤ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ ᠭᠦᠭᠵᠢᠯᠳᠠ ᠶᠢ ᠬᠠᠯᠠᠮᠵᠢᠯᠠᠨ ᠲᠡᠮᠵᠢᠵᠤ᠂ ᠪᠦᠭᠦ ᠤᠷᠤᠨ ᠤ ᠦᠨᠳᠤᠰᠤᠳᠠᠨ ᠨᠦᠭᠦᠳ ᠤᠨ ᠠᠷᠠᠳ ᠲᠦᠮᠡᠨ ᠲᠠᠢ ᠬᠠᠮᠳᠤ ᠪᠠᠷ ᠲᠡᠮᠡᠴᠡᠨ ᠴᠢᠷᠮᠠᠶᠢᠵᠤ ᠡᠷᠡᠯᠬᠡᠭᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠤᠳᠤᠬᠢᠴᠢᠯᠠᠭᠰᠠᠠ ᠦᠪᠤᠷ ᠮᠤᠩᠭᠤᠯ ᠢ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠬᠦᠯᠬᠦ ᠳᠤ ᠤᠶᠤᠨ ᠤᠬᠠᠭᠠᠨ ᠬᠦᠴᠤᠨ ᠴᠢᠳᠠᠯ ᠢᠶᠠᠨ ᠡᠷᠬᠦᠵᠤ᠂ ᠪᠦᠬᠦ ᠰᠡᠳᠬᠢᠯ ᠢᠶᠠᠷ ᠢᠶᠠᠨ ᠲᠤᠰᠠᠯᠠᠬᠤ ᠶᠢ ᠬᠦᠰᠡᠵᠤ ᠪᠠᠶᠢᠨ᠎ᠠ︕      ᠤᠭ ᠰᠠᠨᠠᠭ᠎ᠠ ᠪᠠᠨ ᠦᠯᠤ ᠮᠡᠷᠳᠡᠨ ᠰᠢᠨ᠎ᠡ ᠠᠶᠠᠨ ᠢᠶᠠᠨ ᠡᠬᠢᠯᠡᠬᠦᠯᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ ᠬᠠᠮᠳᠤ ᠪᠠᠷ ᠡᠷᠡᠮᠡᠭᠡᠶᠢᠯᠡᠨ ᠤᠷᠤᠬᠰᠢᠯᠠᠨᠠᠮ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠢᠨ᠎ᠡ ᠴᠠᠭ ᠦᠶ᠎ᠡ ᠳᠤ ᠲᠠᠬᠢᠨ ᠰᠢᠨ᠎ᠡ ᠠᠮᠵᠢᠯᠳᠠ ᠶᠢ ᠡᠬᠦᠳᠴᠤ᠂ ᠰᠢᠨ᠎ᠡ ᠠᠶᠠᠨ ᠵᠠᠮ ᠳᠠᠭᠠᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠬᠦᠯᠬᠦ ᠠᠭᠤᠤ ᠶᠡᠭᠡ ᠢᠯᠠᠯᠳᠠ ᠶᠢ ᠴᠢᠷᠮᠠᠶᠢᠨ ᠲᠠᠮᠠᠴᠡᠨ ᠤᠯᠵᠤ᠂ ᠡᠭᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠵᠠᠭᠠᠶ᠎ᠡ︕      ᠦᠷᠭᠡᠨ ᠤᠯᠠᠨ ᠠᠵᠢᠯ ᠠᠴᠠ ᠪᠠᠨ ᠲᠠᠷᠬᠠᠯᠠᠬᠳᠠᠭᠰᠠᠨ ᠠᠵᠢᠯ ᠠᠴᠠ ᠪᠠᠨ ᠠᠮᠠᠷᠠᠭᠰᠠᠠ ᠠᠬᠠᠮᠠᠳ ᠨᠦᠭᠦᠳ ᠎ ᠤᠨ ᠰᠢᠨ᠎ᠡ ᠵᠢᠯ ᠳᠡᠭᠡᠨ ᠪᠠᠶᠠᠷ ᠬᠦᠷ ᠲᠠᠢ᠂ ᠪᠠᠶ᠎ᠠ ᠮᠠᠬᠠᠪᠤᠳ ᠡᠷᠡᠭᠦᠯ ᠴᠢᠬᠢᠷᠠᠭ᠂ ᠭᠡᠷ ᠬᠤᠲᠠᠯᠠᠭᠠᠷ ᠢᠶᠠᠨ ᠵᠤᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠵᠦᠡᠭᠨᠡᠵᠤ ᠪᠠᠶᠢᠨ᠎ᠠ︕                                ᠳᠤᠮᠳᠠᠳᠤ ᠤᠯᠤᠰ ᠤᠨ ᠡᠪ ᠬᠠᠮᠲᠤ ᠨᠠᠮ ᠤᠨ                                ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ                                ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ                                ᠠᠷᠠᠳ ᠤᠨ ᠵᠠᠰᠠᠭ ᠤᠨ ᠤᠷᠳᠤᠨ                                      2020 ᠤᠨ ᠤ 1 ᠰᠠᠷ᠎ᠠ ᠶᠢᠨ 18᠎ ᠤ ᠡᠳᠤᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号