2020 ᠣᠨ ᠤ ᠪᠥᠬᠦ ᠣᠷᠣᠨ ᠤ ᠵᠡᠮᠳᠡᠭᠴᠦᠳ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2020/1/20

     1 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠬᠤᠷᠠᠯᠳᠤᠭᠠᠨ ᠵᠢᠴᠢ 2020 ᠣᠨ ᠤ ᠪᠥᠬᠦ ᠣᠷᠣᠨ ᠤ ᠵᠡᠮᠳᠡᠭᠴᠦᠳ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ 2019 ᠣᠨ ᠳᠤ᠂ ᠪᠥᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠢᠳᠡᠪᠬᠢᠲᠡᠶ ᠤᠷᠤᠭᠰᠢᠯᠠᠨ ᠳᠡᠪᠰᠢᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠯᠡᠳᠲᠡ ᠠᠵᠢᠯ ᠤᠨ ᠦᠷ᠎ᠡ ᠪᠦᠲᠦᠮᠵᠢ ᠣᠯᠵᠤ᠂ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ︽ᠨᠠᠢᠮᠠᠨ ᠰᠦᠯᠵᠢᠶ᠎ᠡ︾ ᠶᠢ ᠤᠯᠠᠮ ᠨᠢᠭᠲᠠᠷᠠᠭᠤᠯᠪᠠ᠃ ᠡᠭᠦᠨ ᠳᠤ᠂ 89553 ᠵᠡᠮᠳᠡᠭᠴᠦᠳ ᠲᠤ ᠵᠥᠪ ᠣᠨᠤᠪᠴᠢᠲᠠᠢ ᠪᠠᠷ ᠡᠷᠡᠭᠦᠯᠵᠢᠭᠦᠯᠬᠦ ᠦᠢᠯᠡᠴᠢᠯᠡᠭᠡ ᠥᠷᠨᠢᠭᠦᠯᠵᠦ᠂ 42354 ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠦᠢᠯᠡᠴᠢᠯᠡᠭᠡ ᠥᠷᠨᠢᠭᠦᠯᠪᠡ︔ ᠪᠥᠬᠦ ᠣᠷᠣᠨ ᠤ ᠦᠨᠡᠮᠯᠡᠯ ᠲᠠᠢ ᠵᠡᠮᠳᠡᠭᠴᠦᠳ ᠲᠤ ᠲᠣᠭᠲᠠᠪᠤᠷᠢᠲᠠᠶ ᠠᠵᠢᠯ ᠣᠯᠭᠤᠭᠰᠠᠨ ᠬᠥᠮᠦᠨ ᠤ ᠲᠤᠭ᠎ᠠ 21 ᠲᠦᠮᠡ ᠰᠢᠬᠠᠮ ᠪᠣᠯᠵᠣ᠂ 2018 ᠣᠨ ᠤ ᠬᠢ ᠠᠴᠠ 6.5% ᠪᠠᠷ ᠨᠡᠮᠡᠭᠳᠡᠪᠡ︔ ᠶᠠᠳᠠᠭᠤ ᠠᠴᠠ ᠠᠩᠭᠢᠵᠢᠷᠠᠭᠠᠳᠤᠶ ᠳᠠᠩᠰᠠ ᠪᠠ ᠺᠠᠷᠲ ᠲᠠᠢ ᠵᠡᠮᠳᠡᠭᠴᠦᠳ 2015 ᠣᠨ ᠳᠤ 7.2 ᠲᠦᠮᠡᠨ ᠬᠦᠮᠦᠨ ᠪᠠᠶᠢᠭᠰᠠᠨ ᠠᠴᠠ ᠪᠠᠨ ᠬᠠᠰᠤᠭᠳᠠᠭᠠᠳ ᠣᠲᠣ 2525 ᠬᠥᠮᠦᠨ ᠪᠣᠯᠪᠠ︔ ᠵᠡᠮᠳᠡᠭᠴᠦᠳ ᠤᠨ ᠨᠠᠶᠢᠳᠠᠵᠤ ᠠᠰᠠᠷᠠᠭᠤᠯᠬᠤ ᠦᠢᠯᠡᠴᠢᠯᠡᠭᠡ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠤ᠂ ᠵᠡᠮᠳᠡᠭᠴᠦᠳ ᠢ ᠲᠤᠰᠠᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠭᠤᠷ ᠠᠮᠢᠰᠬᠤᠯ ᠠᠩᠬ᠎ᠠ ᠠᠯᠬᠤᠮ ᠪᠤᠢ ᠪᠣᠯᠪᠠ᠃ ᠡᠨᠡ ᠵᠢᠯ᠂ ᠪᠥᠬᠦ ᠣᠷᠣᠨ ᠤ ᠵᠡᠮᠳᠡᠭᠴᠦᠳ ᠤᠨ ᠠᠵᠢᠯ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠦᠨᠳᠦᠰᠦᠨ ᠵᠦᠢᠯ ᠢ ᠪᠠᠲᠤᠯᠠᠬᠤ ᠳᠤᠲᠠᠭᠤᠳᠠᠯ ᠢ ᠨᠥᠬᠦᠪᠥᠷᠢᠯᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠲᠤ ᠦᠢᠯᠡᠴᠢᠯᠡᠬᠦ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠤᠯᠠᠮ ᠨᠢᠭᠡ ᠠᠯᠬᠤᠮ ᠪᠥᠷᠢᠨᠰᠢᠭᠦᠯᠦᠨ᠎ᠡ᠃ ︽ᠢᠨᠲ᠋ᠧᠷ ᠰᠦᠯᠵᠢᠶ᠎ᠡ + ᠵᠡᠮᠳᠡᠭᠴᠦᠳ ᠤᠨ ᠦᠢᠯᠡᠴᠢᠯᠡᠭᠡ︾ ᠶᠢᠨ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠨ᠂ ᠵᠡᠮᠳᠡᠭᠴᠦᠳ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠨᠡᠶᠢᠭᠡᠮᠴᠢᠯᠡᠭᠰᠡᠨ ᠬᠦᠴᠦᠨ ᠢ ᠳᠠᠶᠢᠴᠢᠯᠠᠨ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠥᠷᠨᠢᠭᠦᠯᠦᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠰᠢᠢᠳᠪᠦᠷᠢᠲᠦ ᠢᠯᠠᠯᠲᠠ ᠶᠢ ᠤᠯᠬᠤ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ