ᠦᠪᠡᠷᠳᠡᠭᠡᠨ ᠵᠠᠰᠠᠬᠤ ᠤᠷᠤᠨ ᠵᠢᠴᠢ ᠡᠯ᠎ᠡ ᠠᠶᠢᠮᠠᠭ ᠬᠤᠲᠠ ᠳᠠᠬᠢ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠡᠶᠢᠲᠡᠯᠡᠵᠦ ᠪᠠᠶᠢᠭ᠎ᠠ ᠢᠯᠡᠴᠢᠯᠡᠨ ᠮᠡᠳᠡᠬᠦᠯᠬᠦ ᠤᠳᠠᠰᠤ
ᠨᠡᠶᠢᠲᠡᠯᠡᠭᠰᠡᠨ ᠴᠠᠭ᠄
2020/1/28

     ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠲᠤᠭᠤᠰᠢᠯᠠᠭᠤᠯᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠥ᠂ ᠦᠪᠡᠷᠳᠡᠭᠡᠨ ᠵᠠᠰᠠᠬᠤ ᠤᠷᠤᠨ ᠠᠴᠠ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠢ ᠠᠷᠭᠠᠴᠠᠭᠠᠬᠤ ᠨᠢᠬᠡᠳᠤᠭᠡᠷ ᠲᠡᠰ ᠤᠨ ᠠᠵᠢᠯᠯᠠᠭ᠎ᠠ ᠶᠢ ᠡᠬᠢᠯᠡᠬᠦᠯᠪᠡ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠨᠡᠶᠢᠯᠡᠯ ᠬᠦᠴᠦᠨ ᠢ ᠪᠦᠳᠦᠮᠵᠢᠳᠡᠢ ᠪᠦᠷᠢᠯᠳᠦᠭᠦᠯᠵᠦ᠂ ᠠᠷᠠᠳ ᠣᠯᠠᠨ ᠳᠤ ᠲᠦᠰᠢᠭᠯᠡᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠬᠤᠷᠢᠭᠯᠠᠬᠤ ᠲᠠᠶᠢᠯᠠᠯᠳᠤᠭᠠᠨ ᠤ ᠢᠯᠡᠯᠳᠡ ᠶᠢ ᠡᠷᠡᠰ ᠤᠯᠬᠤ ᠶᠢᠨ ᠲᠤᠰᠠᠳᠠ᠂ ᠡᠨᠡ ᠡᠳᠤᠷ ᠠᠴᠠ ᠡᠬᠢᠯᠡᠨ᠂ ᠦᠪᠡᠷᠳᠡᠭᠡᠨ ᠵᠠᠰᠠᠬᠤ ᠤᠷᠤᠨ ᠵᠢᠴᠢ ᠡᠯ᠎ᠡ ᠠᠶᠢᠮᠠᠭ ᠬᠤᠲᠠ ᠳᠠᠬᠢ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠴᠦᠮ ᠢᠯᠡᠴᠢᠯᠡᠨ ᠮᠡᠳᠡᠬᠦᠯᠬᠦ ᠤᠳᠠᠰᠤ ᠶᠢ ᠲᠣᠬᠢᠷᠠᠭᠤᠯᠤᠨ ᠭᠠᠷᠭᠠᠪᠠ᠂ ᠲᠤᠤᠷᠡᠬᠢ ᠠᠵᠢᠯᠯᠠᠭ᠎ᠠ ᠪᠤᠯᠤᠨ ᠠᠰᠠᠭᠤᠳᠠᠯ ᠪᠠᠶᠢᠬᠤ ᠶᠢ ᠮᠡᠳᠡᠪᠡᠯ᠂ ᠦᠷᠭᠡᠨ ᠤᠯᠠᠨ ᠲᠦᠮᠡᠨ ᠬᠢᠨᠠᠯᠳᠠ ᠲᠠᠯᠪᠢᠵᠤ ᠢᠯᠡᠴᠢᠯᠡᠨ ᠮᠡᠳᠡᠬᠦᠯᠥᠬᠡᠷᠡᠢ᠃
     ᠨᠢᠬᠡ᠂ ᠡᠬᠦᠷᠬᠡᠯᠡᠯ ᠡᠬᠦᠷᠬᠡᠯᠡᠬᠦ ᠦᠬᠡᠢ᠂ ᠠᠵᠢᠯ ᠢᠶᠠᠨ ᠦᠯᠥ ᠬᠢᠬᠦ᠂ ᠠᠵᠢᠯ ᠢᠶᠠᠨ ᠤᠳᠠᠭᠠᠰᠢᠷᠠᠭᠤᠯᠤᠨ ᠬᠢᠬᠦ᠂ ᠲᠤᠷ᠎ᠡ ᠪᠠᠷ ᠢᠶᠠᠨ ᠦᠢᠯᠡᠳᠬᠦ ᠵᠡᠷᠬᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠨᠠᠶᠢᠳᠠᠪᠤᠷᠢᠵᠢᠭᠤᠯᠤᠭᠰᠠᠠ ᠦᠬᠡᠢ᠃
     ᠬᠤᠶᠠᠷ᠂ ᠵᠤᠬᠢᠶᠠᠨ ᠪᠠᠶᠢᠭᠤᠯᠤᠯᠳᠠ ᠶᠢᠨ ᠲᠤᠬᠢᠷᠠᠭᠤᠯᠤᠯᠳᠡ ᠶᠢ ᠲᠠᠭᠠᠬᠤ ᠦᠬᠡᠢ᠂ ᠲᠤᠷ᠎ᠡ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠤᠭᠰᠠᠨ᠂ ᠬᠠᠷᠢᠭᠤᠴᠠᠯᠭ᠎ᠠ ᠪᠠᠨ ᠠᠯᠳᠠᠵᠥ ᠲᠤᠰᠢᠶᠠᠯ ᠳᠤ ᠪᠠᠨ ᠣᠰᠣᠯᠳᠠᠭᠰᠠᠨ᠂ ᠰᠢᠯᠳᠠᠭᠯᠠᠨ ᠲᠦᠯᠬᠢᠯᠴᠡᠵᠥ᠂ ᠰᠡᠷᠬᠡᠶᠢᠯᠡᠨ ᠡᠵᠡᠮᠳᠡᠬᠦ ᠠᠵᠢᠯ ᠤᠨ ᠲᠤᠬᠢᠶᠠᠯ ᠢ ᠠᠯᠳᠠᠭᠰᠠᠠ᠃
     ᠭᠤᠷᠪᠠ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠬᠰᠠᠠ ᠦᠬᠡᠢ᠂  ᠪᠣᠳᠠᠲᠠᠶᠢᠵᠢᠭᠤᠯᠵᠤ ᠨᠠᠶᠢᠳᠠᠪᠤᠷᠢᠵᠢᠭᠤᠯᠤᠬᠰᠠᠠ ᠦᠬᠡᠢ᠂ ᠬᠦᠴᠦᠳᠠᠢ ᠨᠠᠶᠢᠳᠠᠪᠤᠷᠢᠵᠢᠭᠤᠯᠤᠬᠰᠠᠠ ᠦᠬᠡᠢ᠃
     ᠲᠦᠷᠪᠡ᠂ ᠴᠢᠬᠤᠯᠠ ᠮᠡᠳᠡᠭᠡ ᠵᠠᠩᠬᠢ ᠶᠢ ᠮᠡᠳᠡᠬᠦᠯᠥᠭᠰᠡᠡ ᠦᠬᠡᠢ᠂ ᠨᠢᠭᠤᠭᠠᠳ ᠮᠡᠳᠡᠬᠦᠯᠥᠭᠰᠡᠡ ᠦᠬᠡᠢ᠂  ᠣᠷᠬᠢᠭᠳᠠᠭᠤᠯᠵᠤ ᠮᠡᠳᠡᠬᠦᠯᠥᠭᠰᠡᠡ᠂ ᠤᠷᠦ᠋ᠢᠳᠠᠵᠤ ᠮᠡᠳᠡᠬᠦᠯᠥᠭᠰᠡᠡ᠂ ᠪᠤᠷᠤᠭᠤ ᠮᠡᠳᠡᠬᠦᠯᠥᠭᠰᠡᠡ᠂ ᠬᠤᠳᠠᠯ ᠢᠶᠠᠷ ᠮᠡᠳᠡᠬᠦᠯᠥᠭᠰᠡᠡ᠃
     ᠲᠠᠪᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠡᠯᠡ ᠮᠥᠩᠬᠦ ᠪᠤᠯᠤᠨ ᠡᠳ᠋ ᠪᠠᠷᠠᠭ᠎ᠠ ᠶᠢ ᠱᠠᠮᠰᠢᠬᠰᠠᠠ᠂  ᠨᠡᠭᠦᠯᠭᠡᠵᠦ ᠬᠡᠷᠡᠭᠯᠡᠭᠰᠡᠡ᠂ ᠦᠯᠡᠳᠡᠬᠡᠵᠥ ᠠᠪᠤᠭᠰᠠᠠ᠂ ᠡᠵᠡᠯᠡᠭᠰᠡᠡ᠃
     ᠵᠢᠷᠭᠤᠭ᠎ᠠ᠂ ᠪᠠᠷᠠᠭᠠᠨ ᠤ ᠦᠨ᠎ᠡ ᠶᠢ ᠳᠦᠷᠭᠢᠭᠦᠯᠵᠦ ᠥᠰᠭᠡᠭᠰᠡᠨ᠂ ᠡᠳ᠋ ᠪᠠᠷᠠᠭ᠎ᠠ ᠶᠢ ᠬᠤᠷᠡᠮᠳᠤᠭᠤᠯᠵᠥ ᠳᠠᠷᠤᠭᠰᠠᠨ᠂ ᠲᠤᠬᠢᠶᠠᠯ ᠢ ᠠᠰᠢᠭᠯᠠᠵᠤ ᠦᠨ᠎ᠡ ᠬᠠᠩᠰᠢ ᠶᠢ ᠦᠰᠬᠡᠭᠰᠡᠡ ᠵᠡᠷᠬᠡ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠡᠪᠳᠡᠵᠥ᠂ ᠬᠠᠤᠯᠢ ᠪᠤᠰᠤ ᠪᠠᠷ ᠠᠰᠢᠬ ᠤᠯᠤᠬᠰᠠᠠ᠃
     ᠲᠤᠯᠤᠭ᠎ᠠ᠂ ᠬᠠᠤᠯᠢ ᠶᠢ ᠵᠦᠷᠢᠴᠡᠭᠰᠡᠡ᠂ ᠲᠤᠭᠳᠠᠭᠠᠯ ᠢ ᠵᠦᠷᠢᠴᠡᠭᠰᠡᠡ᠂ ᠰᠠᠬᠢᠯᠭ᠎ᠠ ᠪᠠᠳᠤ ᠶᠢ ᠵᠦᠷᠢᠴᠡᠭᠰᠡᠡ ᠪᠤᠰᠤᠳ ᠠᠵᠢᠯᠯᠠᠭ᠎ᠠ᠃  

     ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠵᠢᠴᠢ ᠡᠯ᠎ᠡ ᠠᠶᠢᠮᠠᠭ ᠬᠤᠲᠠ ᠳᠠᠬᠢ ᠢᠯᠡᠴᠢᠯᠡᠨ ᠮᠡᠳᠡᠭᠦᠯᠬᠦ ᠤᠲᠠᠰᠤ
     ᠥᠪᠡᠷᠲᠡᠭᠡᠨ ᠵᠠᠰᠠᠬᠤ ᠣᠷᠣᠨ᠄ 0471 -- 4860051   4860058
     ᠬᠥᠬᠡᠬᠤᠲᠠ᠄ 0471 -- 4606548
     ᠪᠣᠭᠤᠲᠤ ᠬᠤᠲᠠ᠄ 0472 -- 5619338   5619350
     ᠬᠥᠯᠥᠨ ᠪᠣᠶᠢᠷ ᠬᠤᠲᠠ᠄ 0470 -- 8217672
     ᠬᠢᠩᠭᠠᠨ ᠠᠶᠢᠮᠠᠭ᠄ 0482 -- 8266803
     ᠲᠦᠩᠯᠢᠶᠣᠣ ᠬᠤᠲᠠ᠄ 0475 -- 8836994
     ᠤᠯᠠᠭᠠᠨᠬᠠᠳᠠ ᠬᠤᠲᠠ᠄ 0476 -- 5891110   8334134
     ᠰᠢᠯᠢ ᠶᠢᠨ ᠭᠤᠣᠯ ᠠᠶᠢᠮᠠᠭ᠄ 0479 -- 8275018
     ᠤᠯᠠᠭᠠᠨᠴᠠᠪ ᠬᠤᠲᠠ᠄ 0474 --8320208
     ᠣᠷᠳᠣᠰ ᠬᠤᠲᠠ᠄ 0477 -- 8588120
     ᠪᠠᠶᠠᠨᠨᠠᠭᠤᠷ ᠬᠤᠲᠠ᠄ 0478 -- 8214081
     ᠦᠬᠠᠢ ᠬᠤᠲᠠ᠄ 0473 -- 3998108
     ᠠᠯᠠᠱᠠ ᠠᠶᠢᠮᠠᠭ᠄ 0483 -- 8336105   8359911
     ᠮᠠᠨᠵᠤᠤᠷ ᠬᠤᠲᠠ᠄ 0470 -- 6262019
     ᠡᠷᠢᠶᠡᠨ ᠬᠤᠲᠠ᠄ 0479 -- 7521848

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ