ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ | ᠪᠤᠭᠤᠲᠤ ᠬᠤᠲᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠪᠤᠷᠠᠨ ᠲᠤᠰᠠᠯᠠᠬᠤ ᠶᠢ ᠳᠠᠭᠠᠭᠠᠨ ᠪᠠᠲᠤᠯᠠᠵᠦ | ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠪᠡ᠃ ᠣᠳᠣᠬᠠᠨ ᠳᠤ᠂ ᠲᠣᠰ ᠠᠵᠢᠯ ᠶᠠᠭ | ᠯᠠᠪᠳᠠᠭᠤᠨ ᠢᠶᠠᠷ ᠠᠬᠢᠵᠤ ᠪᠠᠶᠢᠨ᠎ᠠ᠃ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠪᠤᠷᠠᠨ ᠲᠤᠰᠠᠯᠠᠬᠤ ᠶᠢ ᠳᠠᠭᠠᠭᠠᠨ ᠪᠠᠲᠤᠯᠠᠵᠦ ᠪᠦᠬᠦᠨ ᠢ | ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠠᠬᠢᠭᠤᠯᠬᠤ ᠶᠠᠪᠤᠴᠠ ᠳᠤ᠂ ᠪᠤᠭᠤᠲᠤ ᠬᠤᠲᠠ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠤᠨ ᠲᠤᠬᠠᠢ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠦ᠂ ᠨᠥᠬᠦᠴᠡᠯ ᠳᠤ ᠨᠡᠶᠢᠴᠡᠬᠦ ᠳᠠᠩᠰᠠ ᠪᠠ ᠺᠠᠷᠲ | ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ | ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠤᠭᠤᠯᠤᠭᠰᠠᠨ ᠤ ᠬᠠᠮᠲᠤ ᠬᠦᠨᠳᠦ ᠡᠪᠡᠳᠴᠢᠨ ᠳᠤ | ᠨᠡᠷᠪᠡᠭᠳᠡᠭᠰᠡᠨ᠂ ᠬᠦᠨᠳᠦ ᠶᠡᠭᠡ ᠵᠡᠮᠳᠡᠭ ᠪᠣᠯᠤᠭᠰᠠᠨ ᠵᠡᠷᠭᠡ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠳᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠵᠢᠴᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ | ᠪᠦᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠥᠳᠡᠯᠮᠦᠷᠢ ᠬᠦᠴᠦᠨ ᠤ ᠢᠯᠡᠳᠬᠡᠮᠵᠢ ᠶᠢ ᠪᠠᠭᠤᠷᠠᠭᠤᠯᠬᠤ᠂ | ᠬᠦᠨᠳᠦ ᠡᠪᠡᠳᠴᠢᠨ ᠲᠠᠢ ᠪᠠ ᠬᠦᠨᠳᠦ ᠵᠡᠮᠳᠡᠭ ᠭᠡᠷ ᠪᠦᠯᠢ ᠶᠢᠨ ᠬᠠᠷᠠᠭᠠᠯᠵᠠᠨ ᠠᠰᠠᠷᠠᠬᠤ ᠬᠥᠮᠦᠰ ᠤᠨ ᠣᠷᠣᠯᠭ᠎ᠠ ᠶᠢ | ᠪᠤᠳᠤᠬᠤ ᠪᠠᠷᠢᠮᠵᠢᠶ᠎ᠠ ᠶᠢ ᠲᠣᠬᠢᠷᠠᠭᠤᠯᠬᠤ ᠵᠡᠷᠭᠡ ᠠᠷᠭ᠎ᠠ ᠪᠠᠷ ᠳᠠᠮᠵᠢᠨ᠂ ᠪᠦᠬᠦᠯᠢ ᠡᠷᠦᠬᠡ ᠪᠠᠷ ᠨᠢ ᠣᠷᠤᠭᠤᠯᠬᠤ | ᠨᠦᠭᠦᠴᠡᠯ ᠳᠤ ᠨᠡᠶᠢᠴᠡᠬᠦ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠯᠢ ᠡᠷᠦᠬᠡ ᠪᠠᠷ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠪᠠ᠂ ᠪᠦᠬᠦᠯᠢ ᠡᠷᠦᠬᠡ ᠪᠠᠷ ᠨᠢ ᠣᠷᠣᠭᠤᠯᠬᠤ | ᠨᠥᠬᠦᠴᠡᠯ ᠳᠤ ᠨᠠᠶᠢᠴᠡᠬᠦ ᠥᠬᠡᠶ ᠶᠢ ᠨᠢ ᠭᠠᠭᠴᠠ ᠬᠥᠮᠥᠨ ᠤ ᠡᠷᠦᠬᠡ ᠶᠢᠨ ᠶᠣᠰᠣᠭᠠᠷ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠠᠪᠤᠷᠠᠨ ᠲᠤᠰᠠᠯᠠᠵᠤ ᠳᠠᠭᠠᠭᠠᠨ ᠪᠠᠲᠤᠯᠠᠬᠤ᠂ ᠪᠠᠲᠤᠯᠠᠪᠠᠰᠤ | ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠨᠢᠭᠡ ᠪᠦᠯᠦᠭ ᠳᠠᠭᠠᠭᠠᠨ ᠪᠠᠲᠤᠯᠠᠬᠤ ᠠᠵᠢᠯ ᠢ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ | ᠣᠷᠣᠭᠤᠯᠤᠭᠰᠠᠨ ᠪᠠᠶᠢᠳᠠᠯ ᠳᠤ ᠭᠤᠤᠯᠳᠠᠯᠭ᠎ᠠ ᠪᠠᠨ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠦ᠂ | ᠨᠥᠬᠦᠴᠡᠯ ᠳᠤ ᠨᠡᠶᠢᠴᠡᠬᠦ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠠᠭ ᠲᠤᠬᠠᠶ ᠳᠤ ᠨᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ | ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠡᠷᠡᠰ ᠪᠡᠶᠡᠯᠡᠭᠦᠯᠪᠡ᠃ | ᠡᠭᠦᠨ ᠤ ᠵᠡᠷᠭᠡ ᠪᠠᠷ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠣᠯᠣᠨ ᠣᠨᠴᠠ ᠬᠦᠴᠢᠷᠳᠡᠯᠲᠡᠶ ᠬᠥᠮᠦᠰ ᠤᠨ ᠲᠤᠭ᠎ᠠ ᠪᠠᠷᠢᠮᠲᠠ ᠶᠢ | ᠬᠠᠷᠭᠤᠭᠤᠯᠤᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠶᠢᠭᠡᠮ ᠤᠨ ᠠᠪᠤᠷᠠᠨ | ᠲᠤᠰᠠᠯᠠᠬᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠰᠢᠰᠲ᠋ᠧᠮ ᠢᠶᠠᠷ ᠳᠠᠮᠵᠢᠭᠤᠯᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠠ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠳ᠋ ᠤᠨ ᠵᠠᠰᠠᠭ ᠵᠡᠷᠭᠡ 14 ᠰᠠᠯᠠᠭ᠎ᠠ ᠮᠥᠴᠢᠷ ᠤᠨ 17 ᠲᠤᠭ᠎ᠠ ᠪᠠᠷᠢᠮᠲᠠ ᠶᠢᠨ ᠵᠦᠢᠯᠡᠰ ᠤᠨ ᠮᠡᠳᠡᠭᠡ | ᠵᠠᠩᠭᠢ ᠶᠢ ᠬᠠᠷᠭᠤᠭᠤᠯᠬᠤ ᠶᠢᠨ ᠬᠠᠮᠲᠤ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠮᠥᠷᠳᠡᠵᠦ᠂ ᠠᠪᠤᠷᠠᠨ | ᠲᠤᠰᠠᠯᠠᠬᠤ ᠬᠦᠮᠦᠰ ᠢ ᠮᠠᠭᠠᠳᠯᠠᠨ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠠ ᠵᠥᠪ ᠣᠨᠤᠪᠴᠢᠲᠠᠢ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ | ᠡᠭᠦᠨ ᠠᠴᠠ ᠭᠠᠳᠠᠨ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠳᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠠᠴᠠ ᠤᠬᠤᠷᠢᠨ ᠭᠠᠷᠤᠮᠠᠭᠴᠠ ᠳᠠᠬᠢᠨ ᠶᠠᠳᠠᠭᠤᠷᠠᠬᠤ ᠪᠠᠶᠢᠳᠠᠯ | ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠪᠤᠭᠤᠲᠤ ᠬᠤᠲᠠ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠳᠤᠷᠠᠳᠤᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠠᠴᠠ ︽ᠢᠳᠡᠭ ᠢᠳᠡᠭ ᠢᠶᠠᠷ ᠭᠠᠷᠭᠠᠬᠤ ᠬᠤᠭᠤᠴᠠᠭ᠎ᠠ︾ ᠶᠢᠨ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠳᠤ ᠣᠷᠣᠭᠤᠯᠤᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠠᠪᠠᠭᠰᠠᠨ ᠤ ᠳᠠᠷᠠᠭ᠎ᠠ 12 — 24 ᠰᠠᠷ᠎ᠠ ᠶᠢᠨ ︽ᠢᠳᠡᠭ ᠢᠳᠡᠭ ᠢᠶᠠᠷ ᠭᠠᠷᠭᠠᠬᠤ | ᠬᠤᠭᠤᠴᠠᠭ᠎ᠠ︾ ᠣᠯᠭᠤᠵᠠᠢ᠃ ︽ᠢᠳᠡᠭ ᠢᠳᠡᠭ ᠢᠶᠠᠷ ᠭᠠᠷᠭᠠᠬᠤ ᠬᠤᠭᠤᠴᠠᠭ᠎ᠠ︾ ᠳᠠᠭᠤᠰᠤᠭᠰᠠᠨ ᠤ ᠳᠠᠷᠠᠭ᠎ᠠ | ᠮᠥᠨ ᠬᠦ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠦ ᠳᠡᠶᠢᠯᠬᠦ ᠦᠭᠡᠢ ᠳᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ ᠳᠤ ᠦᠷᠭᠦᠯᠵᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠣᠯᠭᠤᠵᠤ᠂ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠳᠠᠭᠠᠭᠠᠨ ᠪᠠᠲᠤᠯᠠᠵᠦ ᠶᠠᠳᠠᠭᠤ ᠠᠴᠠ ᠠᠩᠭᠢᠵᠢᠷᠠᠭᠤᠯᠬᠤ ᠶᠢ | ᠲᠣᠭᠲᠠᠭᠤᠨ ᠢᠶᠠᠷ ᠦᠷᠭᠦᠯᠵᠢᠯᠡᠭᠦᠯᠬᠦ ᠶᠢ ᠦᠨᠡᠨ ᠬᠦ ᠪᠠᠲᠤᠯᠠᠬᠤ ᠪᠣᠯᠵᠠᠢ᠃ |