2019 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠷᠮᠠᠭᠠᠢ ᠴᠢᠳᠠᠪᠤᠷᠢᠲᠠᠨ ᠤ ᠱᠠᠩᠨᠠᠯ︾ ᠣᠯᠣᠭᠰᠠᠳ ᠢ ᠬᠦᠬᠢᠭᠦᠯᠦᠨ ᠰᠠᠶᠢᠰᠢᠶᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2020/1/7

                             ᠥᠪᠥᠷ ᠵᠠᠰᠠᠭ ᠥᠰᠥᠭ ﹇2019﹈ 75 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠴᠢᠳᠠᠪᠤᠷᠢᠲᠠᠨ ᠪᠣᠯ ᠦᠨᠳᠦᠰᠦᠲᠡᠨ ᠤ ᠬᠦᠭᠵᠢᠯᠲᠡ ᠶᠢ ᠪᠡᠶᠡᠯᠡᠭᠦᠯᠬᠦ᠂ ᠣᠯᠠᠨ ᠤᠯᠤᠰ ᠤᠨ ᠦᠷᠢᠰᠦᠯᠳᠦᠭᠡᠨ ᠤ ᠰᠠᠨᠠᠭᠠᠴᠢᠯᠭᠠᠲᠤ ᠡᠷᠬᠡ ᠶᠢ ᠣᠯᠬᠤ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢᠨ ᠴᠢᠬᠤᠯᠠ ᠶᠠᠪᠤᠳᠠᠯ᠂ ᠦᠷᠢᠰᠦᠯᠳᠦᠭᠡᠨ ᠳᠤ ᠢᠯᠠᠯᠲᠠ ᠣᠯᠬᠤ ᠶᠢᠨ ᠦᠨᠳᠦᠰᠦ᠂ ᠠᠷᠠᠳ ᠢ ᠪᠠᠶᠠᠯᠢᠬᠵᠢᠭᠤᠯᠵᠤ ᠣᠷᠣᠨ ᠢᠶᠠᠨ ᠬᠦᠴᠦᠷᠬᠡᠭᠵᠢᠭᠦᠯᠬᠦ ᠶᠢᠨ ᠰᠠᠭᠤᠷᠢ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠃ ᠣᠶᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠴᠢᠳᠠᠪᠤᠷᠢᠲᠠᠨ ᠤ ᠡᠬᠢ ᠪᠠᠶᠠᠯᠢᠭ ᠪᠣᠯ ᠨᠢᠭᠡᠳᠦᠭᠡᠷ ᠡᠬᠢ ᠪᠠᠶᠠᠯᠢᠭ ᠪᠣᠯᠣᠨ᠎ᠠ︾ ᠭᠡᠳᠡᠭ ᠣᠨᠣᠯᠵᠢᠬᠤᠨ ᠢ ᠪᠠᠲᠤ ᠪᠠᠬᠢ ᠪᠣᠢ ᠪᠣᠯᠭᠠᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠳᠠᠭᠠᠬᠤ ᠪᠠ ᠵᠠᠯᠭᠠᠯᠳᠤᠭᠤᠯᠵᠤ᠂ ᠴᠢᠳᠠᠪᠤᠷᠢᠲᠠᠨ ᠤ ᠬᠦᠭᠵᠢᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠢᠨᠵᠧᠨᠧᠷᠢᠩ︾ ᠢ ᠭᠦᠨᠵᠡᠭᠡᠢ ᠠᠬᠢᠭᠤᠯᠤᠨ᠂ ᠤᠯᠠᠮᠵᠢ ᠤᠯᠠᠨ ᠰᠢᠯᠢᠳᠡᠭ ᠴᠢᠳᠠᠪᠤᠷᠢᠲᠠᠨ ᠴᠤᠯᠭᠤᠷᠠᠨ ᠭᠠᠷᠪᠠ᠃ ᠬᠦᠳᠡᠯᠮᠦᠷᠢ ᠶᠢ ᠬᠦᠨᠳᠦᠳᠭᠡᠬᠦ᠂ ᠮᠡᠳᠡᠯᠭᠡ ᠶᠢ ᠬᠦᠨᠳᠦᠳᠭᠡᠬᠦ᠂ ᠴᠢᠳᠠᠪᠤᠷᠢᠳᠠᠨ ᠢ ᠬᠦᠨᠳᠦᠳᠭᠡᠬᠦ ᠪᠠ ᠡᠭᠦᠳᠦᠯᠲᠡ ᠶᠢ ᠬᠦᠨᠳᠦᠳᠭᠡᠬᠦ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠢ ᠶᠢ ᠤᠯᠠᠮ ᠨᠢᠭᠡ ᠠᠯᠬᠤᠮ ᠪᠣᠢ ᠪᠣᠯᠭᠠᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠪᠠᠶᠢᠭᠤᠯᠬᠤ ᠠᠮᠢᠵᠢᠷᠠᠯ ᠤᠨ ᠬᠦᠴᠦᠨ ᠢ ᠨᠢ ᠤᠷᠮᠠᠰᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠴᠢᠤᠸᠠᠨ ᠵᠡᠷᠭᠡ 10 ᠬᠦᠮᠦᠨ ᠳᠤ 2019 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠷᠮᠠᠭᠠᠢ ᠴᠢᠳᠠᠪᠤᠷᠢᠲᠠᠨ ᠤ ᠱᠠᠩᠨᠠᠯ︾ ᠣᠯᠭᠤᠬᠤ ᠪᠠᠷ ᠲᠣᠭᠲᠠᠪᠠ᠃
     ᠬᠦᠬᠢᠭᠦᠯᠦᠭᠳᠡᠭᠰᠡᠨ ᠬᠦᠮᠦᠰ ᠨᠢ ᠢᠷᠠᠭᠤ ᠠᠯᠳᠠᠷ ᠢᠶᠠᠨ ᠨᠠᠨᠳᠢᠩᠨᠠᠵᠤ᠂ ᠤᠯᠠᠮ ᠠᠴᠠ ᠤᠯᠠᠮ ᠴᠢᠷᠮᠠᠶᠢᠵᠤ᠂ ᠳᠠᠬᠢᠨᠲᠠ ᠰᠠᠶᠢᠨ ᠠᠮᠵᠢᠯᠲᠠ ᠣᠯᠬᠤ ᠶᠢ ᠬᠦᠰᠡᠵᠦ ᠪᠣᠢ᠃ ᠪᠦᠬᠦ ᠣᠷᠣᠨ ᠤ ᠡᠯ᠎ᠡ ᠹᠷᠤᠨᠲ ᠳᠤ ᠬᠢ ᠠᠵᠢᠯᠲᠠᠳ ᠴᠦᠮ ᠬᠦᠬᠢᠭᠦᠯᠦᠨ ᠰᠠᠶᠢᠰᠢᠶᠠᠭᠳᠠᠭᠰᠠᠨ ᠬᠦᠮᠦᠰ ᠢᠶᠠᠷ ᠳᠠᠭᠤᠷᠢᠶᠠᠯ ᠪᠣᠯᠭᠠᠨ᠂ ᠲᠤᠰ ᠠᠵᠢᠯ ᠤᠨ ᠪᠠᠶᠢᠷᠢᠨ ᠳᠤ ᠪᠠᠨ ᠰᠠᠭᠤᠷᠢᠯᠠᠵᠤ᠂ ᠵᠣᠷᠢᠭ ᠢᠶᠠᠨ ᠬᠦᠪᠴᠢᠯᠡᠨ ᠤᠷᠤᠭᠰᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠡᠭᠦᠳᠦᠨ ᠨᠡᠬᠡᠬᠡᠭᠴᠢ᠂ ᠲᠡᠷᠢᠭᠦᠨ ᠤ ᠰᠣᠶᠣᠯ ᠤᠨ ᠳᠠᠭᠠᠭᠤᠯᠤᠭᠴᠢ᠂ ᠰᠢᠨᠵᠢᠯᠡᠬᠦ ᠤᠬᠠᠭᠠᠨᠴᠢ ᠵᠣᠷᠢᠭ ᠰᠠᠨᠠᠭᠠᠨ ᠤ ᠵᠠᠯᠭᠠᠮᠵᠢᠯᠠᠭᠴᠢ ᠪᠣᠯᠬᠤ ᠪᠠᠷ ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠣᠶᠣᠨ ᠤᠬᠠᠭᠠᠨ ᠪᠣᠯᠣᠨ ᠬᠦᠴᠦᠨ ᠴᠢᠳᠠᠯ ᠢᠶᠠᠨ ᠢᠳᠡᠪᠬᠢᠲᠠᠢ ᠨᠡᠮᠡᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠲᠣᠭᠲᠠᠴᠠ ᠶᠢᠨ ᠰᠢᠨ᠎ᠡ ᠶᠢ ᠡᠭᠦᠳᠴᠦ᠂ ᠤᠷᠴᠢᠨ ᠠᠬᠤᠢ ᠶᠢ ᠪᠣᠢ ᠪᠣᠯᠭᠠᠨ ᠥᠭᠴᠦ᠂ ᠡᠯ᠎ᠡ ᠲᠥᠷᠥᠯ ᠤᠨ ᠴᠢᠳᠠᠪᠤᠷᠢᠲᠡᠨ ᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠨᠢ ᠭᠦᠢᠴᠡᠳ ᠳᠠᠶᠢᠴᠢᠯᠠᠵᠤ᠂ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠰᠢᠨ᠎ᠡ ᠬᠦᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠣᠷᠤᠭᠤᠯᠬᠤ ᠬᠡᠷᠡᠭᠲᠡᠢ︕
     ᠳᠠᠭᠠᠯᠳᠤᠭᠤᠯᠤᠯ᠄ 2019 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠷᠮᠠᠭᠠᠢ ᠴᠢᠳᠠᠪᠤᠷᠢᠲᠠᠨ ᠤ ᠱᠠᠩᠨᠠᠯ︾ ᠣᠯᠣᠭᠰᠠᠳ ᠤᠨ ᠨᠡᠷᠡᠰ


ᠳᠠᠭᠠᠯᠳᠤᠭᠤᠯᠤᠯ
     2019 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠭᠠᠷᠮᠠᠭᠠᠢ ᠴᠢᠳᠠᠪᠤᠷᠢᠳᠠᠨ ᠤ ᠱᠠᠩᠨᠠᠯ︾ ᠣᠯᠣᠭᠰᠠᠳ ᠤᠨ ᠨᠡᠷᠡᠰ ︵10 ᠨᠡᠷᠡᠰ︶
     ᠮᠠᠨ ᠴᠢᠤᠸᠠᠨ   ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ
     ᠣᠳᠣᠨᠲᠣᠭᠲᠠᠬᠤ   ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠣᠳᠣᠯᠣᠭᠴᠢ
     ᠸᠠᠩ ᠵᠢᠶᠠᠨ ᠭᠦᠸᠧ   ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠣᠹᠧᠰᠰᠣᠷ
     ᠶᠠᠩ ᠵᠢᠤᠢ ᠼᠠᠢ   ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ
     ᠶᠠᠩ ᠵᠠᠨ ᠹᠧᠩ   ᠪᠣᠭᠤᠲᠤ ᠶᠢᠨ ᠬᠤᠪᠣᠷ ᠰᠢᠷᠦᠢ ᠶᠢᠨ ᠰᠣᠳᠣᠯᠭᠠᠨ ᠤ ᠬᠦᠷᠢᠶᠡᠯᠡᠩ ᠤᠨ ᠵᠢᠩᠬᠢᠨᠢ ᠳᠡᠭᠡᠲᠦ ᠢᠨᠵᠧᠨᠧᠷ
     ᠯᠢᠦ ᠵᠢᠩ ᠡᠾᠦ᠋ᠢ   ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠣᠹᠧᠰᠰᠣᠷ
     ᠸᠠᠩ ᠶᠦᠩ   ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠩ ᠤᠨ ᠰᠣᠳᠣᠯᠣᠭᠴᠢ
     ᠵᠣᠣ ᠵᠢᠶᠠᠨ ᠫᠢᠩ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠷᠬᠢᠯᠡᠬᠦ ᠰᠢᠯᠭᠠᠨ ᠪᠠᠶᠢᠴᠠᠭᠠᠭᠴᠢ
     ᠲᠡᠮᠡᠴᠡᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠷᠬᠢᠯᠡᠬᠦ ᠡᠮᠴᠢ
     ᠳ᠋ᠦᠩ ᠢᠤᠢ   ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ