ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠤᠨᠨᠳᠠᠭᠠᠯ
ᠨᠡᠶᠢᠲᠡᠯᠡᠭᠰᠡᠨ ᠴᠠᠭ᠄
2020/1/7
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                            241 ᠳ᠋ᠤᠭᠡᠷ ᠲᠤᠭᠠᠳᠤ      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠤᠨᠨᠳᠠᠭᠠᠯ︾ ᠢ 2019 ᠤᠨ ᠤ 8 ᠳ᠋ᠤᠭᠠᠷ ᠰᠠᠷ᠎ᠠ ᠶᠢᠨ 5 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2019 ᠤᠨ ᠤ 11 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃                           ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠦ᠋ ᠰᠢᠶᠤᠤ ᠯᠢᠨ                                    2019 ᠣᠨ ᠤ 9 ᠳ᠋ᠤᠭᠡᠷ ᠰᠠᠷ᠎ᠠ ᠶᠢᠨ 3 ᠤ ᠡᠳᠦᠷ      ᠨᠢᠬᠡᠳᠦᠬᠡᠷ ᠵᠦᠢᠯ ᠭᠦᠮᠦᠨ ᠤ ᠪᠡᠶ᠎ᠡ ᠪᠠ ᠡᠳ᠋ ᠭᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠵᠦ᠂ ᠲᠡᠮᠦᠷ ᠵᠠᠮ ᠤᠨ ᠲᠡᠬᠡᠬᠡᠪᠦᠷᠢ ᠶᠢᠨ ᠠᠮᠤᠷ ᠲᠦᠪᠰᠢᠨ ᠪᠠ ᠰᠠᠭᠠᠳ ᠦᠬᠡᠢ ᠨᠡᠪᠳᠡᠷᠡᠯ ᠢ ᠪᠠᠳᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠮᠦᠷ ᠵᠠᠮ ᠤᠨ ᠬᠠᠤᠯᠢ︾ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ︾ ᠵᠡᠷᠬᠡ ᠤᠯᠤᠰ ᠤᠨ ᠬᠤᠯᠪᠤᠨᠨᠳᠠᠯ ᠪᠦᠭᠦᠢ ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠲᠤᠨᠨᠳᠠᠭᠠᠯ ᠢ ᠲᠤᠨᠨᠳᠠᠭᠠᠪᠠ᠃      ᠬᠤᠶᠠᠳᠤᠭᠠᠷ ᠵᠦᠢᠯ ᠲᠤᠰ ᠲᠤᠨᠨᠳᠠᠭᠠᠯ ᠨᠢ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯᠯᠠᠭ᠎ᠠ ᠳᠤ ᠲᠤᠬᠢᠷᠠᠨ᠎ᠠ᠃ ᠲᠡᠬᠡᠳᠦ ᠪᠠᠶᠢᠷᠢ ᠶᠢᠨ ᠬᠠᠤᠯᠢ ᠳᠤ ᠨᠢᠬᠡᠨᠳᠡ ᠲᠤᠨᠨᠳᠠᠭᠠᠯ ᠭᠠᠷᠭᠠᠨᠨᠰᠠᠨ ᠪᠠᠶᠢᠪᠠᠯ᠂ ᠲᠡᠷᠡ ᠲᠤᠨᠨᠳᠠᠭᠠᠯ ᠢᠶᠠᠷ ᠬᠡᠷᠡᠭᠵᠢᠬᠦᠯᠦᠨ᠎ᠠ᠃      ᠭᠤᠷᠪᠠᠳᠤᠭᠠᠷ ᠵᠦᠢᠯ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠨᠢ ᠠᠮᠢ ᠨᠠᠰᠤ ᠡᠷᠬᠢᠮ ᠲᠡᠬᠡᠳᠦ ᠪᠠᠶᠢᠬᠤ᠂ ᠠᠮᠤᠷ ᠲᠦᠪᠰᠢᠨ ᠢ ᠲᠡᠷᠢᠬᠦᠨ ᠳᠤ ᠲᠠᠯᠪᠢᠬᠤ᠂ ᠤᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ ᠵᠤᠬᠢᠴᠠᠭᠤᠯᠤᠨ ᠭᠦᠳᠡᠯᠦᠯᠴᠡᠬᠦ ᠪᠠ ᠶᠡᠷᠦᠩᠬᠡᠶᠢᠯᠡᠨ ᠵᠠᠰᠠᠬᠤ ᠵᠠᠷᠴᠢᠮ ᠢ ᠵᠢᠷᠤᠮᠯᠠᠬᠤ ᠬᠡᠷᠡᠭᠳᠡᠢ᠃      ᠲᠦᠷᠪᠡᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠳᠠᠬᠢ ᠨᠢᠬᠡᠳᠦᠯᠳᠡᠢ ᠤᠳᠤᠷᠢᠳᠤᠯᠭ᠎ᠠ ᠪᠠᠨ ᠴᠢᠩᠭᠠᠳᠬᠠᠵᠦ᠂ ᠲᠡᠮᠦᠷ ᠵᠠᠮ ᠤᠨ ᠠᠮᠤᠷ ᠲᠦᠪᠰᠢᠨ ᠳᠤ ᠬᠤᠯᠪᠤᠨᠨᠳᠠᠬᠤ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠵᠦ᠂ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠠᠵᠢᠯ ᠤᠨ ᠵᠠᠷᠤᠳᠠᠯ ᠢ ᠬᠠᠤᠯᠢ ᠶᠤᠰᠤᠭᠠᠷ ᠪᠠᠳᠤᠯᠠᠬᠤ ᠬᠡᠷᠡᠭᠳᠡᠢ᠃ ᠲᠡᠮᠦᠷ ᠵᠠᠮ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠮᠦᠷ ᠵᠠᠮ ᠤᠨ ᠠᠮᠤᠷ ᠲᠦᠪᠰᠢᠨ ᠢ ᠪᠠᠲᠤᠯᠠᠬᠤ ᠰᠤᠷᠭᠠᠨ ᠬᠥᠮᠦᠵᠢᠯ ᠢ ᠴᠢᠩᠭᠠᠳᠬᠠᠨ᠂ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠦ᠂ ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠭᠦᠨᠦᠬᠡᠯ ᠤᠴᠠᠷᠠᠭᠤᠯᠬᠤ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠬᠠᠮᠳᠤ ᠪᠠᠷ ᠲᠡᠮᠦᠷ ᠵᠠᠮ ᠤᠨ ᠵᠠᠮ ᠬᠠᠷᠢᠯᠴᠠᠭᠠᠨ ᠤ ᠠᠳᠡᠯ᠂ ᠭᠠᠯᠳᠤ ᠲᠡᠷᠬᠡᠨ ᠤ ᠦᠷᠳᠡᠬᠡᠨ ᠳᠤ ᠪᠠ ᠭᠠᠯᠳᠤ ᠲᠡᠷᠬᠡᠨ ᠳᠤ ᠭᠠᠷᠴᠤ ᠮᠡᠳᠡᠬᠦ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠬᠤᠯᠪᠣᠭᠳᠠᠯ ᠪᠦᠬᠦᠢ ᠨᠢᠬᠡᠴᠢ ᠲᠠᠢ ᠬᠠᠮᠵᠢᠯᠴᠠᠨ ᠲᠤᠰ ᠵᠠᠰᠠᠭ ᠵᠠᠬᠢᠷᠭᠠᠨ ᠤ ᠣᠷᠣᠨ ᠳᠠᠬᠢ ᠲᠡᠮᠦᠷ ᠵᠠᠮ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃      ᠲᠠᠪᠤᠳᠤᠭᠠᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠳᠠᠭᠠᠤ ᠶᠢᠨ ᠬᠤᠲᠠ ᠶᠢᠨ ᠲᠣᠭᠤᠷᠢᠭ ᠠᠴᠠ ᠲᠤᠳᠤᠨᠨᠰᠢ 1000 ᠮᠧᠲᠷ ᠪᠦᠷᠢ᠂ ᠬᠤᠲᠠ ᠶᠢᠨ ᠲᠣᠭᠤᠷᠢᠭ ᠠᠴᠠ ᠭᠠᠳ᠋ᠬᠠᠰᠢ 5000 ᠮᠧᠲᠷ ᠪᠦᠷᠢ ᠳᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠲᠡᠮᠦᠷ ᠵᠠᠮ ᠳᠠᠭᠠᠤ ᠶᠢᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠪᠦᠷᠢ ᠨᠢᠭᠡ ᠬᠠᠷᠢᠭᠤᠴᠠᠯᠭᠠᠲᠠᠨ ᠲᠤᠨᠨᠳᠠᠭᠠᠵᠦ ᠲᠡᠮᠦᠷ ᠵᠠᠮ ᠤᠨ ᠬᠡᠰᠡᠭ ᠤᠨ ᠳᠠᠷᠤᠭ᠎ᠠ ᠪᠣᠯᠭᠠᠵᠤ᠂ ᠲᠡᠮᠦᠷ ᠵᠠᠮ ᠤᠨ ᠠᠮᠤᠷ ᠲᠦᠪᠰᠢᠨ ᠤ ᠳᠠᠯᠳᠠ ᠭᠡᠮ ᠢ ᠬᠤᠶᠠᠷ ᠬᠡᠰᠡᠭ ᠤᠨ ᠲᠠᠷᠤᠭ᠎ᠠ ᠲᠣᠭᠤᠷᠢᠨ ᠪᠠᠶᠢᠴᠠᠭᠠᠬᠤ᠂ ᠬᠠᠮᠳᠤᠷᠠᠨ ᠵᠥᠪᠳᠡᠯᠴᠡᠬᠦ ᠪᠠ ᠰᠶᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃      ᠵᠢᠷᠭᠤᠳᠤᠭᠠᠷ ᠵᠦᠢᠯ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠲᠡᠮᠦᠷ ᠵᠠᠮ ᠤᠨ ᠠᠮᠤᠷ ᠲᠦᠪᠰᠢᠨ ᠳᠤ ᠲᠦᠭᠰᠢᠭᠦᠷᠢ ᠤᠴᠠᠷᠠᠭᠤᠯᠬᠤ ᠳᠠᠯᠳᠠ ᠭᠡᠮ ᠢ ᠣᠯᠵᠤ ᠮᠡᠳᠡᠪᠡᠯ᠂ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠦᠨ ᠳᠤ ᠲᠠᠷᠦ᠋ᠢᠬᠠᠨ ᠮᠡᠳᠡᠭᠳᠡᠬᠦ ᠬᠡᠷᠡᠭᠲᠡᠶ᠃ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠦᠨ ᠨᠢ ᠳᠠᠷᠤᠶ ᠲᠦᠷᠬᠡᠨ ᠰᠶᠢᠳᠪᠦᠷᠢᠯᠡᠬᠦ ᠬᠡᠷᠡᠭᠲᠡᠶ᠃      ᠳᠣᠯᠣᠳᠤᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠷᠢᠭᠯᠠᠨ ᠵᠣᠭᠰᠣᠭᠠᠬᠤ ᠡᠷᠬᠡ ᠲᠠᠢ ᠪᠦᠬᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠬᠦᠯᠵᠦ᠂ ᠢᠯᠡᠴᠢᠯᠡᠬᠦ ᠮᠡᠳᠡᠭᠦᠯᠦᠯᠲᠡ ᠶᠢ ᠭᠦᠯᠢᠶᠡᠨ ᠠᠪᠤᠨᠨᠰᠠᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠲᠠᠷᠦ᠋ᠢᠬᠠᠨ ᠰᠶᠢᠳᠪᠦᠷᠢᠯᠡᠬᠦ ᠬᠡᠷᠡᠭᠲᠡᠶ᠃      ᠲᠡᠮᠦᠷ ᠵᠠᠮ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠬᠡᠶᠢᠯᠡᠨ ᠬᠤᠷᠢᠨᠨᠯᠠᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠬᠡᠴᠢ ᠪᠤᠶᠤ ᠬᠤᠪᠢ ᠬᠥᠮᠦᠨ ᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠬᠤ ᠬᠡᠷᠡᠭᠲᠡᠶ᠃      ᠨᠠᠢᠮᠠᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠥᠮᠦᠨ ᠲᠡᠮᠦᠷ ᠵᠠᠮ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠠᠭᠠᠵᠠᠯᠠᠬᠤ ᠬᠡᠷᠡᠭᠳᠡᠢ᠃      ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠠᠵᠠᠷ ᠲᠠᠲᠠᠪᠤᠷᠢᠯᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢᠶᠠᠨ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ ᠵᠢᠴᠢ ᠲᠡᠮᠦᠷ ᠵᠠᠮ ᠪᠠᠶᠢᠭᠤᠯᠬᠤ ᠬᠤᠭᠤᠴᠠᠭᠠᠨ ᠳᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠦᠭᠡᠢ ᠪᠠᠷ ᠶᠠᠮᠠᠷᠪᠠ ᠨᠢᠬᠡᠴᠢ ᠪᠤᠶᠤ ᠬᠤᠪᠢ ᠬᠥᠮᠦᠨ ᠲᠡᠮᠦᠷ ᠵᠠᠮ ᠳᠤ ᠬᠡᠷᠡᠭᠯᠡᠬᠦ ᠭᠠᠵᠠᠷ ᠤᠨ ᠭᠦᠷᠢᠶ᠎ᠡ ᠬᠡᠪᠴᠢᠶᠡᠨ ᠳᠤ ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠬᠡᠷ ᠪᠠᠷᠢᠯᠭ᠎ᠠ ᠪᠤᠶᠤ ᠪᠠᠷᠢᠯᠭ᠎ᠠ ᠶᠢᠨ ᠪᠤᠰᠤᠳ ᠵᠦᠢᠯᠡᠰ ᠪᠠᠷᠢᠬᠤ᠂ ᠡᠯᠡᠰᠦ ᠰᠢᠷᠣᠶ ᠮᠠᠯᠳᠠᠬᠤ ᠪᠠ ᠴᠢᠯᠠᠭᠤ ᠭᠠᠷᠭᠠᠬᠤ ᠵᠡᠷᠭᠡ ᠠᠵᠢᠯ ᠤᠳ ᠢ ᠬᠢᠵᠦ ᠪᠣᠯᠬᠤ ᠦᠭᠡᠢ᠃      ᠶᠢᠰᠦᠳᠦᠭᠡᠷ ᠵᠦᠢᠯ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠨᠢ ᠭᠠᠵᠠᠷ ᠰᠢᠷᠣᠶ ᠪᠤᠯᠤᠨ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠤᠨ ᠡᠷᠬᠡ ᠬᠠᠷᠢᠶᠠᠯᠠᠯ ᠤᠨ ᠬᠤᠪᠢᠷᠠᠭᠤᠯᠤᠯᠳᠠ ᠳᠤ ᠬᠤᠯᠪᠣᠭᠳᠠᠬᠤ ᠦᠭᠡᠢ᠃      ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠨᠢᠬᠡᠴᠢ ᠨᠢ ᠪᠠᠷᠢᠯᠭ᠎ᠠ ᠳᠠᠭᠤᠰᠤᠭᠰᠠᠨ ᠮᠠᠲ᠋ᠧᠷᠢᠶᠠᠯ ᠢ ᠦᠨᠳᠦᠰᠦᠯᠡᠨ ᠬᠢᠯᠢ ᠵᠠᠭᠠᠭ ᠢ ᠬᠠᠶᠢᠵᠤ᠂ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠬᠠᠪᠳᠠᠭᠠᠢ ᠵᠢᠷᠤᠭ ᠢ ᠵᠢᠷᠤᠨᠨᠯᠠᠬᠤ ᠶᠢᠨ ᠬᠠᠮᠲᠤ᠂ ᠬᠠᠪᠳᠠᠭᠠᠢ ᠵᠢᠷᠤᠭ ᠢ ᠦᠨᠳᠦᠰᠦᠯᠡᠨ ᠪᠠᠷᠢᠯᠭ᠎ᠠ ᠶᠢᠨ ᠪᠦᠷᠢᠨ ᠪᠠᠶᠢᠬᠤ ᠡᠰᠡᠬᠦ ᠶᠢ ᠰᠢᠯᠭᠠᠨ ᠠᠪᠬᠤ ᠠᠴᠠ ᠡᠮᠦᠨ᠎ᠡ ᠲᠡᠮᠳᠡᠭᠳᠦ ᠪᠠᠭᠠᠨ᠎ᠠ ᠪᠣᠰᠬᠠᠬᠤ ᠬᠡᠷᠡᠭᠲᠡᠢ᠃      ᠠᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠲᠤᠤᠷᠠᠬᠢ ᠮᠡᠳᠦ ᠶᠢᠨ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠄      ︵ᠨᠢᠭᠡ︶ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠦᠪᠰᠢᠶᠡᠷᠡᠯ ᠦᠭᠡᠢ ᠪᠠᠷ ᠡᠯ᠎ᠡ ᠲᠥᠷᠥᠯ ᠤᠨ ᠬᠤᠭᠤᠯᠠᠶ ᠱᠤᠭᠤᠮ᠂ ᠲᠠᠳᠠᠯᠭ᠎ᠠ᠂ ᠭᠦᠦᠷᠯᠢᠭ ᠰᠤᠪᠠᠭ ᠵᠡᠷᠭᠡ ᠪᠡᠯᠡᠳᠬᠡᠮᠵᠢ ᠲᠡᠪᠢᠰᠴᠤ ᠲᠠᠲᠠᠬᠤ᠂ ᠲᠡᠮᠦᠷ ᠵᠠᠮ ᠤᠨ ᠨᠦᠬᠡᠨ ᠵᠠᠮ ᠳᠤ ᠣᠷᠣᠬᠤ ᠪᠤᠶᠤ ᠲᠡᠭᠦᠨ ᠢᠶᠠᠷ ᠨᠡᠪᠳᠡᠷᠡᠨ ᠥᠩᠭᠡᠷᠡᠬᠦ᠂ ᠡᠯᠡᠰᠦ ᠮᠠᠯᠲᠠᠬᠤ᠂ ᠰᠢᠷᠣᠶ ᠠᠪᠬᠤ᠂ ᠰᠤᠪᠠᠭ ᠤᠬᠤᠬᠤ᠂ ᠮᠠᠯᠳᠠᠵᠦ ᠨᠦᠬᠡᠯᠡᠬᠦ ᠵᠡᠷᠭᠡ ᠠᠵᠢᠯ ᠤᠳ ᠢ ᠬᠢᠬᠦ︔      ︵ᠬᠤᠶᠠᠷ︶ ᠲᠡᠮᠦᠷ ᠵᠠᠮ ᠤᠨ ᠬᠥᠭᠦᠷᠭᠡᠨ ᠳᠣᠣᠷ᠎ᠠ ᠬᠡᠷ ᠪᠠᠷᠢᠯᠭ᠎ᠠ ᠪᠠᠷᠢᠬᠤ᠂ ᠲᠡᠷᠭᠡᠨ ᠤ ᠵᠣᠭᠰᠣᠭᠠᠯ ᠪᠠᠶᠢᠭᠤᠯᠬᠤ᠂ ᠬᠤᠳᠠᠯᠳᠤᠭᠠᠨ ᠤ ᠲᠡᠯᠬᠡᠭᠦᠷ ᠨᠡᠬᠡᠬᠡᠨ ᠡᠷᠬᠢᠯᠡᠬᠦ︔      ︵ᠭᠤᠷᠪᠠ︶ ᠮᠠᠯ ᠤᠨᠤᠭ᠎ᠠ ᠬᠠᠰᠢᠶᠠᠯᠠᠨ ᠲᠡᠵᠢᠭᠡᠬᠦ ᠪᠤᠶᠤ ᠪᠡᠯᠴᠢᠬᠡᠷᠯᠡᠬᠦᠯᠦᠨ ᠲᠡᠵᠢᠭᠡᠬᠦ︔      ︵ᠲᠦᠷᠪᠡ︶ ᠲᠡᠮᠦᠷ ᠵᠠᠮ ᠤᠨ ᠱᠤᠭᠤᠮ ᠳᠤ ᠬᠠᠶᠢᠷ ᠴᠢᠯᠠᠭᠤ᠂ ᠲᠡᠮᠦᠷ ᠬᠠᠳᠠᠭᠠᠰᠤ᠂ ᠡᠷᠭᠢ ᠱᠤᠷᠠᠭ ᠵᠡᠷᠭᠡ ᠡᠳᠡᠬᠡᠳ ᠤᠨ ᠶᠠᠭᠤᠮ᠎ᠠ ᠲᠠᠯᠪᠢᠬᠤ︔      ︵ᠲᠠᠪᠤ︶ ᠬᠤᠸᠠᠷ ᠫᠤᠤᠵᠢᠩ᠂ ᠨᠡᠭᠦᠷᠡᠰᠦᠨ ᠬᠡᠢ ᠪᠠ ᠰᠢᠲᠠᠮᠠᠬᠠᠶ ᠬᠡᠢ᠂ ᠬᠠᠭᠤᠴᠢᠨ ᠬᠠᠶ᠋ᠬᠠᠳᠠᠯ ᠲᠡᠷᠬᠡᠨ ᠭᠦᠷᠳᠦ ᠵᠡᠷᠭᠡ ᠨᠣᠴᠣᠮᠠᠲᠠᠭᠠᠶ᠂ ᠳᠡᠯᠪᠡᠷᠡᠮᠡᠲᠡᠭᠡᠶ᠂ ᠠᠶᠤᠯ ᠲᠠᠢ᠂ ᠰᠠᠴᠤᠷᠠᠮᠠᠬᠠᠢ ᠴᠢᠨᠠᠷ ᠲᠠᠢ ᠡᠳ᠋ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ︔      ︵ᠵᠢᠷᠭᠤᠭ᠎ᠠ︶ ᠲᠡᠮᠦᠷ ᠵᠠᠮ ᠤᠨ ᠱᠤᠭᠤᠮ ᠤᠨ ᠬᠠᠮᠠᠭᠠᠯᠠᠯᠳᠠ ᠶᠢᠨ ᠪᠡᠯᠡᠳᠬᠡᠮᠵᠢ ᠳᠤ ᠠᠪᠠᠷᠢᠬᠤ᠂ ᠦᠷᠦᠮᠳᠡᠬᠦ ᠪᠠ ᠳᠠᠪᠠᠭ᠋ᠤ᠂ ᠡᠪᠳᠡᠨ ᠰᠦᠢᠳᠬᠡᠬᠦ︔      ︵ᠲᠤᠯᠤᠭ᠎ᠠ︶ ᠪᠣᠬᠢᠷ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠬᠠᠶᠠᠵᠦ ᠴᠢᠳᠬᠤᠬᠤ᠂ ᠬᠠᠶᠠᠭᠳᠠᠮᠠᠯ ᠪᠣᠳᠠᠰ ᠪᠤᠶᠤ ᠬᠡᠷᠡᠭᠯᠡᠵᠦ ᠦᠩᠬᠡᠷᠡᠭᠰᠡᠨ ᠬᠠᠶ᠋ᠬᠠᠳᠠᠯ ᠰᠢᠷᠣᠶ ᠤᠪᠤᠭᠠᠯᠠᠬᠤ︔      ︵ᠨᠠᠢᠮᠠ︶ ᠥᠩᠭᠡᠲᠦ ᠪᠤᠯᠤᠳ ᠵᠡᠷᠭᠡ ᠬᠥᠩᠭᠡᠨ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠨ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠪᠠᠶᠢᠭᠤᠯᠬᠤ᠃      ᠠᠷᠪᠠᠨ ᠨᠢᠬᠡᠳᠦᠬᠡᠷ ᠵᠦᠢᠯ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠲᠤᠳᠤᠷᠠᠬᠢ ᠨᠢᠬᠡᠨᠳᠡ ᠪᠠᠶᠢᠭ᠎ᠠ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠨᠢ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠤᠭᠰᠠᠨ ᠪᠠᠶᠢᠪᠠᠯ᠂ ᠲᠡᠭᠦᠨ ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠲᠠᠷᠦ᠋ᠢᠬᠠᠨ ᠠᠷᠢᠯᠭᠠᠬᠤ ᠬᠡᠷᠡᠭᠲᠡᠶ᠃ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠳᠠᠯᠳᠠ ᠭᠡᠮ ᠢ ᠠᠷᠢᠯᠭᠠᠬᠤ ᠶᠢ ᠲᠡᠪᠴᠢᠭᠰᠡᠨ ᠪᠤᠶᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠴᠤ ᠮᠥᠨ ᠯᠡ ᠠᠮᠤᠷ ᠲᠦᠪᠰᠢᠨ ᠢ ᠨᠢ ᠪᠠᠲᠤᠯᠠᠵᠤ ᠴᠢᠳᠠᠬᠤ ᠦᠭᠡᠢ ᠪᠠᠶᠢᠪᠠᠯ᠂ ᠬᠠᠤᠯᠢ ᠶᠣᠰᠣᠭᠠᠷ ᠨᠤᠷᠠᠭᠠᠯᠭᠠᠬᠤ ᠬᠡᠷᠡᠭᠳᠡᠢ᠃      ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠲᠤᠳᠤᠷᠠᠬᠢ ᠨᠢᠬᠡᠨᠳᠡ ᠪᠠᠶᠢᠭ᠎ᠠ ᠤᠰᠤ ᠬᠠᠩᠭᠠᠬᠤ ᠤᠰᠤ ᠵᠠᠯᠠᠬᠤ᠂ ᠰᠢᠳᠠᠮᠠᠬᠠᠢ ᠬᠡᠢ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ᠂ ᠭᠦᠦᠷᠯᠢᠭ ᠰᠤᠪᠠᠭ ᠵᠡᠷᠭᠡ ᠪᠡᠯᠡᠳᠬᠡᠮᠵᠢ ᠶᠢᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠡᠳᠦᠷ ᠲᠤᠲᠤᠮ ᠤᠨ ᠪᠠᠶᠢᠴᠠᠭᠠᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠪᠡᠯ ᠲᠠᠷᠤᠢ ᠲᠦᠷᠬᠡᠨ ᠠᠷᠢᠯᠭᠠᠬᠤ ᠬᠡᠷᠡᠭᠲᠡᠶ᠃ ᠲᠠᠷᠤᠢ ᠲᠦᠷᠬᠡᠨ ᠠᠷᠢᠯᠭᠠᠵᠤ ᠲᠡᠶᠢᠯᠬᠦ ᠦᠭᠡᠢ ᠮᠦᠷᠳᠡᠬᠡᠨ ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠤᠯᠤᠮᠵᠢ ᠲᠠᠢ ᠪᠠᠶᠢᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠲᠠᠷᠦ᠋ᠢᠬᠠᠨ ᠮᠡᠳᠡᠭᠳᠡᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠲᠡᠮᠦᠷ ᠵᠠᠮ ᠤᠨ ᠦᠢᠯᠡᠳᠪᠦᠷᠢᠯᠡᠯ ᠤᠨ ᠪᠡᠯᠡᠳᠬᠡᠮᠵᠢ ᠪᠤᠶᠤ ᠲᠡᠮᠦᠷ ᠵᠠᠮ ᠲᠠᠢ ᠰᠣᠯᠪᠢᠴᠠᠭᠰᠠᠨ ᠬᠤᠲᠠ ᠶᠢᠨ ᠵᠠᠮ᠂ ᠵᠠᠰᠠᠮᠠᠯ ᠵᠠᠮ᠂ ᠬᠤᠭᠤᠯᠠᠶ ᠱᠤᠭᠤᠮ ᠵᠡᠷᠭᠡ ᠤᠯᠠᠨ ᠨᠡᠶᠢᠳᠡ ᠶᠢᠨ ᠪᠡᠯᠡᠳᠬᠡᠮᠵᠢ ᠠᠴᠠ ᠭᠠᠳᠠᠨ᠎ᠠ᠂ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠭᠠᠳ᠋ᠬᠠᠰᠢ ᠲᠣᠰ ᠪᠦᠷᠢ 30 ᠮᠧᠲᠷ ᠤᠨ ᠬᠡᠪᠴᠢᠶᠡᠨ ᠤ ᠳᠣᠲᠣᠷ᠎ᠠ ᠡᠯᠡᠰᠦ ᠮᠠᠯᠲᠠᠵᠤ ᠰᠢᠷᠣᠶ ᠠᠪᠬᠤ ᠪᠤᠶᠤ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠪᠠᠷᠢᠬᠤ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠢᠨᠠᠨ ᠵᠥᠪᠰᠢᠶᠡᠷᠡᠵᠦ ᠪᠣᠯᠬᠤ ᠦᠭᠡᠢ᠃      ᠨᠢᠬᠡᠴᠢ ᠪᠤᠶᠤ ᠬᠤᠪᠢ ᠬᠥᠮᠦᠨ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 30 ᠮᠧᠲᠷ ᠤᠨ ᠬᠡᠪᠴᠢᠶᠡᠨ ᠤ ᠳᠣᠲᠣᠷ᠎ᠠ ᠪᠠᠷᠢᠯᠭ᠎ᠠ ᠶᠢᠨ ᠲᠥᠷᠥᠯ ᠵᠦᠢᠯ ᠢ ᠨᠡᠭᠡᠭᠡᠨ ᠪᠠᠶᠢᠭᠤᠯᠬᠤ ᠬᠡᠪᠡᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠲᠣᠭᠲᠠᠬᠤ ᠬᠡᠷᠡᠭᠲᠡᠶ᠃ ᠠᠮᠤᠷ ᠲᠦᠪᠰᠢᠨ ᠤ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠪᠠᠷᠢᠯᠭ᠎ᠠ ᠶᠢᠨ ᠠᠵᠢᠯ ᠬᠢᠵᠦ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 50 ᠮᠧᠲᠷ ᠤᠨ ᠬᠡᠪᠴᠢᠶᠡᠨ ᠤ ᠳᠣᠲᠣᠷ᠎ᠠ᠂ ᠲᠠᠮᠠᠬᠢᠨ ᠤᠵᠠᠭᠤᠷ ᠬᠠᠶᠠᠵᠦ ᠰᠢᠳᠡᠬᠦ᠂ ᠬᠤᠸᠠᠷ ᠫᠤᠤᠵᠢᠩ ᠲᠠᠯᠪᠢᠬᠤ ᠪᠠ ᠡᠰᠢ ᠰᠦᠷᠡᠯ᠂ ᠬᠡᠬᠡᠷ᠎ᠡ ᠶᠢᠨ ᠡᠪᠡᠰᠦ᠂ ᠬᠤᠶᠢᠯᠭ᠎ᠠ ᠶᠢᠨ ᠴᠠᠭᠠᠰᠤᠨ ᠵᠣᠭᠤᠰ᠂ ᠬᠤᠭ ᠨᠣᠪᠰᠢ ᠵᠡᠷᠭᠡ ᠰᠢᠳᠠᠮᠠᠬᠠᠢ ᠪᠣᠳᠠᠰ ᠰᠢᠲᠠᠭᠠᠬᠤ ᠶᠢ ᠴᠠᠭᠠᠵᠠᠯᠠᠨ᠎ᠠ᠃      ᠠᠷᠪᠠᠨ ᠲᠦᠷᠪᠡᠳᠦᠬᠡᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠭᠠᠳ᠋ᠬᠠᠰᠢ ᠲᠣᠰ ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠥᠩᠭᠡᠲᠦ ᠪᠣᠯᠣᠳ ᠸᠠᠭᠠᠷ᠂ ᠥᠩᠭᠡᠲᠦ ᠪᠣᠯᠣᠳ ᠬᠠᠪᠲᠠᠰᠤ ᠵᠡᠷᠭᠡ ᠬᠥᠩᠭᠡᠨ ᠮᠠᠲ᠋ᠧᠷᠢᠶᠠᠯ ᠤᠳ ᠢ ᠵᠠᠳᠠᠭᠠᠢ ᠤᠪᠤᠭᠠᠯᠠᠨ ᠲᠠᠯᠪᠢᠵᠦ ᠪᠣᠯᠬᠤ ᠦᠭᠡᠢ᠃      ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 200 ᠮᠧᠲᠷ ᠤᠨ ᠬᠡᠪᠴᠢᠶᠡᠨ ᠲᠤᠳᠤᠷᠠᠬᠢ ᠥᠩᠭᠡᠲᠦ ᠪᠤᠯᠤᠳ ᠭᠡᠷ ᠪᠠᠶᠢᠰᠢᠩ᠂ ᠥᠩᠭᠡᠲᠦ ᠪᠤᠯᠤᠳ ᠳᠡᠭᠡᠪᠦᠷ ᠲᠠᠢ ᠪᠤᠶᠤ ᠬᠥᠩᠭᠡᠨ ᠮᠠᠲ᠋ᠧᠷᠢᠶᠠᠯ ᠢᠶᠠᠷ ᠪᠠᠷᠢᠭᠰᠠᠨ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠵᠢᠴᠢ ᠲᠣᠭᠤᠰᠣ ᠬᠤᠷᠢᠨᠨᠯᠠᠬᠤ ᠲᠣᠤᠷ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ᠂ ᠰᠦᠯᠢᠶᠣᠣ ᠭᠦᠯᠡᠮᠵᠢ᠂ ᠲᠠᠷᠢᠶᠠᠯᠠᠩ ᠳᠤ ᠬᠡᠷᠡᠭᠯᠡᠬᠦ ᠨᠢᠮᠬᠡᠨ ᠪᠦᠷᠭᠦᠭᠦᠯ ᠵᠡᠷᠭᠡ ᠶᠢᠨ ᠦᠮᠴᠢᠯᠡᠬᠦ ᠡᠷᠬᠡᠳᠦ ᠬᠥᠮᠦᠨ ᠪᠤᠶᠤ ᠬᠠᠮᠢᠶᠠᠷᠤᠭᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ ᠲᠡᠮᠦᠷ ᠵᠠᠮ ᠤᠨ ᠠᠮᠤᠷ ᠲᠦᠪᠰᠢᠨ ᠤ ᠡ᠊ᠨᠳᠡᠯ ᠭᠠᠷᠭᠠᠭᠰᠠᠨ ᠪᠠᠶᠢᠪᠠᠯ᠂ ᠲᠡᠭᠦᠨ ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 500 ᠮᠧᠲᠷ ᠤᠨ ᠬᠡᠪᠴᠢᠶᠡᠨ ᠤ ᠳᠣᠲᠣᠷ᠎ᠠ᠂ ᠵᠢᠯᠣᠭᠤᠴᠢ ᠦᠭᠡᠢ ᠨᠢᠰᠬᠡᠯ᠂ ᠴᠠᠭᠠᠰᠤᠨ ᠰᠢᠪᠠᠭᠤ᠂ ᠲᠡᠭᠳᠡᠭᠦᠷ ᠳ᠋ᠧᠩᠯᠤ ᠵᠡᠷᠭᠡ ᠳᠣᠤᠭᠤᠷ ᠨᠢᠰᠬᠦ ᠵᠦᠢᠯᠡᠰ ᠤᠳ ᠢ ᠳᠤᠷ᠎ᠠ ᠪᠠᠷ ᠢᠶᠠᠨ ᠲᠡᠭᠳᠡᠬᠡᠨ ᠨᠢᠰᠦᠭᠦᠯᠬᠦ ᠶᠢ ᠴᠠᠭᠠᠵᠠᠯᠠᠬᠤ ᠬᠡᠷᠡᠭᠳᠡᠢ᠃      ᠠᠷᠪᠠᠨ ᠵᠢᠷᠭᠤᠳᠤᠭᠠᠷ ᠵᠦᠢᠯ ᠲᠡᠮᠦᠷ ᠵᠠᠮ ᠳᠠᠭᠠᠤ ᠶᠢᠨ ᠲᠡᠬᠡᠳᠦ ᠤᠷᠤᠰᠬᠠᠯ ᠤᠨ ᠤᠰᠤᠨ ᠴᠥᠭᠦᠷᠥᠮ ᠤᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠦᠪᠯᠡᠯᠴᠡᠬᠡᠷ ᠲᠣᠭᠲᠠᠬᠤ ᠬᠡᠷᠡᠭᠲᠡᠶ᠂ ᠬᠠᠰᠢᠯᠭ᠎ᠠ ᠨᠡᠭᠡᠭᠡᠵᠦ ᠤᠰᠤ ᠲᠠᠯᠪᠢᠬᠤ᠂ ᠤᠰᠤᠨ ᠴᠥᠭᠦᠷᠥᠮ ᠤᠨ ᠦᠶᠡᠷ ᠢ ᠵᠠᠯᠠᠬᠤ ᠪᠤᠶᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠬᠢᠵᠠᠭᠠᠷᠯᠠᠯ ᠤᠨ ᠤᠰᠤᠨ ᠲᠦᠪᠰᠢᠨ ᠳᠤ ᠬᠦᠷᠬᠦ ᠵᠡᠷᠭᠡ ᠪᠠᠶᠢᠳᠠᠯ ᠲᠤᠯᠭᠠᠷᠠᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠤᠷᠢᠳᠴᠢᠯᠠᠨ ᠮᠡᠳᠡᠭᠳᠡᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠲᠡᠮᠦᠷ ᠵᠠᠮ ᠢ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠬᠤ ᠨᠢᠭᠡᠴᠢ ᠨᠢ ᠲᠡᠮᠦᠷ ᠵᠠᠮ ᠤᠨ ᠪᠠᠷᠢᠯᠭ᠎ᠠ ᠪᠠᠷᠢᠬᠤ᠂ ᠰᠡᠯᠪᠢᠨ ᠵᠠᠰᠠᠬᠤ ᠠᠵᠢᠯ ᠬᠢᠬᠦ ᠪᠤᠶᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ᠂ ᠲᠠᠷᠢᠶᠠᠯᠠᠬᠤ ᠤᠷᠤᠨ᠂ ᠮᠠᠯᠵᠢᠬᠤ ᠣᠷᠣᠨ ᠤ ᠵᠠᠮ ᠢᠶᠠᠷ ᠥᠩᠭᠡᠷᠡᠬᠦ ᠴᠢᠬᠤᠯᠠᠲᠠᠶ ᠪᠠᠶᠢᠪᠠᠯ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠮ ᠬᠠᠰᠢᠵᠤ᠂ ᠬᠤᠷᠢᠭ᠎ᠠ ᠲᠠᠯᠪᠢᠵᠤ᠂ ᠰᠦᠢᠳᠬᠡᠯ ᠬᠤᠷᠢᠶᠠᠵᠤ ᠪᠣᠯᠬᠤ ᠦᠭᠡᠢ᠃      ᠠᠷᠪᠠᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠴᠠᠬᠢᠯᠭᠠᠨ ᠬᠦᠴᠦᠨ ᠤ ᠬᠡᠯᠬᠢᠶᠡᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠪᠤᠶᠤ ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠶᠠᠭᠤᠮ᠎ᠠ ᠬᠡᠤᠮ᠎ᠠ ᠤᠪᠤᠭᠠᠯᠠᠨ ᠲᠠᠯᠪᠢᠬᠤ ᠵᠡᠷᠭᠡ ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠬᠦᠷᠢ ᠤᠴᠠᠷᠠᠭᠤᠯᠬᠤ ᠪᠤᠯᠤᠮᠵᠢᠳᠠᠢ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃      ᠠᠷᠪᠠ ᠶᠢᠰᠦᠳᠦᠬᠡᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠤᠨ ᠱᠤᠭᠤᠮ ᠤᠨ ᠬᠤᠶᠠᠷ ᠬᠠᠵᠠᠭᠤ ᠠᠴᠠ 100 ᠮᠧᠲᠷ ᠤᠨ ᠭᠦᠷᠢᠶ᠎ᠡ ᠬᠡᠪᠴᠢᠶᠡᠨ ᠤ ᠲᠤᠳᠤᠷ᠎ᠠ ᠪᠤᠯ ᠲᠡᠬᠡᠳᠦ ᠬᠤᠷᠳᠤ ᠶᠢᠨ ᠲᠡᠮᠦᠷ ᠵᠠᠮ ᠤᠨ ᠪᠠᠷᠢᠯᠭ᠎ᠠ ᠶᠢᠨ ᠠᠮᠤᠷ ᠲᠦᠪᠰᠢᠨ ᠤ ᠡᠵᠡᠮᠳᠡᠬᠦ ᠲᠤᠭᠤᠷᠢᠭ ᠪᠣᠯᠤᠨ᠎ᠠ᠃ ᠡᠵᠡᠮᠳᠡᠬᠦ ᠣᠷᠣᠨ ᠤ ᠳᠣᠲᠣᠷᠠᠬᠢ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠨᠢ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠶᠣᠰᠣᠭᠠᠷ ᠨᠤᠷᠠᠭᠠᠬᠤ ᠪᠤᠶᠤ ᠴᠡᠭᠴᠡᠯᠡᠨ ᠵᠠᠰᠠᠬᠤ ᠬᠡᠷᠡᠭᠲᠡᠶ᠃      ᠬᠤᠷᠢᠳᠤᠭᠠᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠭᠠᠵᠠᠷ ᠳᠣᠤᠷᠠᠬᠢ ᠤᠰᠤ ᠶᠢ ᠲᠠᠳᠠᠨ ᠠᠪᠬᠤ ᠶᠢ ᠴᠠᠭᠠᠵᠠᠯᠠᠬᠤ ᠬᠡᠷᠡᠭᠳᠡᠢ᠃      ᠦᠬᠡᠷᠡᠴᠢᠯᠡᠵᠦ ᠲᠡᠰ ᠲᠡᠪᠰᠢᠬᠦᠯᠦᠬᠡᠳ ᠠᠶᠠᠯᠠᠯ ᠤᠨ ᠬᠤᠷᠳᠤᠴᠠ ᠶᠢ ᠨᠢ 200 ᠺᠢᠯᠣᠮᠧᠲᠷ ᠠᠴᠠ ᠳᠡᠭᠡᠭᠰᠢ ᠪᠤᠯᠭᠠᠨᠨᠰᠠᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠰᠢᠨ᠎ᠡ ᠪᠠᠷ ᠤᠰᠤᠨ ᠬᠤᠳᠳᠤᠭ ᠮᠠᠯᠳᠠᠬᠤ ᠶᠢ ᠴᠠᠭᠠᠵᠠᠯᠠᠨ᠎ᠠ᠃ ᠨᠢᠭᠡᠨᠲᠡ ᠮᠠᠯᠳ᠋ᠬᠠᠰᠠᠨ ᠤᠰᠤᠨ ᠬᠤᠳᠳᠤᠭ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠯᠭᠠᠨ ᠪᠠᠶᠢᠴᠠᠭᠠᠭᠠᠳ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠪᠠᠯ ᠪᠦᠭᠯᠡᠵᠦ ᠬᠠᠶᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠨᠡᠮᠡᠵᠦ ᠪᠠᠶᠢᠭᠤᠯᠬᠤ ᠵᠠᠰᠠᠮᠠᠯ ᠵᠠᠮ᠂ ᠬᠥᠭᠦᠷᠭᠡ᠂ ᠭᠤᠯᠳᠤᠩ ᠵᠢᠴᠢ ᠲᠡᠭᠦᠨ ᠤ ᠳᠠᠭᠠᠯᠲᠠ ᠪᠡᠯᠡᠳᠬᠡᠮᠵᠢ ᠶᠢ ᠪᠤᠯ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠳᠤᠷᠠᠯᠴᠠᠵᠦ ᠰᠢᠯᠭᠠᠨ ᠠᠪᠴᠤ ᠬᠢᠷᠢ ᠲᠡᠩᠴᠡᠭᠰᠡᠨ ᠤ ᠳᠠᠷᠠᠭ᠎ᠠ ᠬᠤᠯᠪᠣᠭᠳᠠᠯ ᠪᠦᠬᠦᠢ ᠲᠣᠭᠲᠠᠭᠠᠯ ᠪᠠ ᠵᠦᠪᠯᠡᠯᠴᠡᠬᠡᠷ ᠶᠣᠰᠣᠭᠠᠷ ᠬᠠᠮᠢᠶ᠎ᠠ ᠪᠦᠬᠦᠢ ᠨᠢᠭᠡᠴᠢ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃      ᠬᠠᠮᠢᠶ᠎ᠠ ᠪᠦᠬᠦᠢ ᠨᠢᠬᠡᠴᠢ ᠨᠢ ᠬᠦᠯᠢᠶᠡᠨ ᠠᠪᠬᠤ ᠶᠢ ᠲᠡᠪᠴᠢᠭᠰᠡᠨ ᠪᠤᠶᠤ ᠬᠦᠯᠢᠶᠡᠨ ᠠᠪᠬᠤ ᠨᠢᠬᠡᠴᠢ ᠦᠭᠡᠢ ᠪᠠᠶᠢᠪᠠᠯ᠂ ᠪᠠᠶᠢᠭ᠎ᠠ ᠭᠠᠵᠠᠷ ᠤᠨ ᠬᠢᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠶᠢᠳᠪᠦᠷᠢᠯᠡᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ ᠵᠠᠮ ᠱᠤᠭᠤᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠵᠠᠮ ᠱᠤᠭᠤᠮ ᠤᠨ ᠡᠵᠡᠩᠨᠡᠯᠳᠡ ᠶᠢᠨ ᠠᠵᠤ ᠠᠬᠤᠶᠢᠯᠠᠯ ᠨᠢ ᠵᠠᠮ ᠱᠤᠭᠤᠮ ᠪᠠ ᠲᠡᠮᠦᠷ ᠵᠠᠮ ᠲᠠᠢ ᠵᠡᠷᠬᠡᠴᠡᠬᠦᠯᠵᠦ ᠲᠡᠪᠢᠰᠦᠭᠰᠡᠨ ᠵᠠᠮ ᠤᠨ ᠬᠡᠰᠡᠭ᠂ ᠲᠡᠮᠦᠷ ᠵᠠᠮ ᠤᠨ ᠭᠦᠭᠦᠷᠬᠡᠨ ᠲᠤᠤᠭᠤᠷ ᠦᠩᠬᠡᠷᠡᠬᠦ ᠵᠠᠮ᠂ ᠲᠡᠮᠦᠷ ᠵᠠᠮ ᠤᠨ ᠱᠤᠭᠤᠮ ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡᠨ ᠳᠤ ᠪᠠᠷᠢᠮᠵᠢᠶ᠎ᠠ ᠶᠣᠰᠣᠭᠠᠷ ᠠᠮᠤᠷ ᠲᠦᠪᠰᠢᠨ ᠤ ᠲᠤᠰᠠᠭᠠᠷᠯᠠᠬᠤ ᠪᠡᠯᠡᠳᠬᠡᠮᠵᠢ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ᠂ ᠰᠡᠷᠡᠮᠵᠢᠯᠡᠭᠦᠯᠬᠦ ᠲᠡᠮᠳᠡᠭ ᠵᠢᠴᠢ ᠪᠤᠰᠤᠳ ᠳᠠᠭᠠᠯᠲᠠ ᠲᠦᠭᠦᠬᠡᠷᠦᠮᠵᠢ ᠪᠠᠶᠢᠷᠢᠯᠠᠭᠤᠯᠵᠦ᠂ ᠬᠠᠮᠳᠤ ᠳᠤ ᠨᠢ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠦ ᠮᠡᠳᠡᠬᠦ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃      ᠲᠡᠮᠦᠷ ᠵᠠᠮ ᠲᠠᠢ ᠵᠡᠷᠬᠡᠴᠡᠭᠦᠯᠵᠦ ᠲᠡᠪᠢᠰᠦᠭᠰᠡᠨ ᠵᠠᠮ ᠱᠤᠭᠤᠮ᠂ ᠲᠡᠮᠦᠷ ᠵᠠᠮ ᠤᠨ ᠭᠦᠭᠦᠷᠬᠡᠨ ᠲᠤᠤᠭᠤᠷ ᠲᠡᠪᠢᠰᠦᠭᠰᠡᠨ ᠵᠠᠮ᠂ ᠲᠡᠮᠦᠷ ᠵᠠᠮ ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡ ᠶᠢᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠲᠣᠭᠲᠠᠵᠤ᠂ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠢᠨ ᠭᠤᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠬᠤᠶᠠᠷ ᠬᠠᠵᠠᠭᠤ ᠶᠢᠨ ᠠᠷᠠᠩᠭ᠎ᠠ᠂ ᠬᠤᠯᠠᠩ᠂ ᠤᠢ ᠮᠤᠳᠤᠨ ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠮᠤᠷ ᠲᠦᠪᠰᠢᠨ ᠤ ᠠᠷᠭ᠎ᠠ ᠬᠡᠮᠵᠢᠶ᠎ᠡ ᠠᠪᠴᠤ ᠪᠠᠶᠢᠭᠠᠳ᠂ ᠠᠷᠠᠩᠭ᠎ᠠ᠂ ᠬᠤᠯᠠᠩ᠂ ᠤᠢ ᠮᠤᠳᠤ ᠨᠠᠯᠠᠵᠦ ᠤᠨ᠋ᠬᠠᠰᠠᠨ ᠴᠤ ᠲᠡᠮᠦᠷ ᠵᠠᠮ ᠤᠨ ᠪᠢᠳᠡᠭᠦᠮᠵᠢᠯᠡᠭᠰᠡᠨ ᠤᠷᠤᠨ ᠳᠤ ᠤᠷᠤᠵᠦ ᠲᠡᠶᠢᠯᠬᠦ ᠦᠬᠡᠢ ᠪᠠᠶᠢᠬᠤ ᠶᠢ ᠪᠠᠳᠤᠯᠠᠬᠤ ᠬᠡᠷᠡᠭᠳᠡᠢ᠃ ᠪᠢᠲᠡᠭᠦᠮᠵᠢᠯᠡᠭᠰᠡᠨ ᠦᠭᠡᠢ ᠲᠡᠮᠦᠷ ᠵᠠᠮ ᠨᠢ ᠲᠡᠪᠢᠰᠦᠭᠰᠡᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠪᠠᠷ ᠵᠠᠭᠠᠭ ᠪᠤᠯᠭᠠᠬᠤ ᠬᠡᠷᠡᠭᠳᠡᠢ᠃      ᠠᠷᠠᠩᠭ᠎ᠠ᠂ ᠬᠤᠯᠠᠩ᠂ ᠣᠢ ᠮᠤᠳᠤ ᠨᠢ ᠨᠠᠯᠠᠵᠦ ᠤᠨᠠᠭᠠᠳ ᠲᠡᠮᠦᠷ ᠵᠠᠮ ᠤᠨ ᠪᠡᠯᠡᠳᠬᠡᠮᠵᠢ ᠶᠢ ᠡᠪᠳᠡᠵᠦ ᠰᠦᠢᠳᠬᠡᠭᠰᠡᠨ ᠪᠤᠶᠤ ᠲᠡᠮᠦᠷ ᠵᠠᠮ ᠤᠨ ᠠᠮᠤᠷ ᠲᠦᠪᠰᠢᠨ ᠤ ᠠᠳᠡᠯ ᠭᠠᠷᠭᠠᠭᠰᠠᠨ ᠪᠠᠶᠢᠪᠠᠯ᠂ ᠲᠡᠭᠦᠨ ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠤ ᠬᠡᠷᠡᠭᠯᠡᠵᠦ ᠪᠠᠶᠢᠭ᠎ᠠ ᠷᠠᠳᠢᠣ᠋ ᠬᠤᠯᠪᠣᠭᠠᠨ ᠤ ᠪᠡᠯᠡᠳᠬᠡᠮᠵᠢ ᠨᠢ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ ᠬᠠᠷᠰᠢᠯᠠᠵᠤ ᠪᠣᠯᠬᠤ ᠦᠭᠡᠢ᠃ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ ᠨᠥᠯᠥᠭᠡᠯᠡᠭᠰᠡᠨ ᠪᠠᠶᠢᠪᠠᠯ᠂ ᠬᠠᠮᠢᠶ᠎ᠠ ᠪᠦᠬᠦᠢ ᠨᠢᠬᠡᠴᠢ ᠪᠤᠶᠤ ᠬᠤᠪᠢ ᠬᠥᠮᠦᠨ ᠲᠡᠷᠡ ᠳᠠᠷᠤᠶ ᠳᠤ ᠨᠢ ᠴᠡᠭᠴᠡᠯᠡᠨ ᠵᠠᠯᠠᠷᠠᠭᠤᠯᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ ᠲᠡᠮᠦᠷ ᠵᠠᠮ ᠤᠨ ᠠᠶᠠᠨᠴᠢᠳ ᠨᠢ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠨ ᠰᠠᠬᠢᠵᠦ᠂ ᠠᠪᠴᠤ ᠶᠠᠪᠤᠭ᠎ᠠ ᠡᠳ᠋ ᠪᠣᠳᠠᠰ ᠵᠢᠴᠢ ᠭᠦᠮᠦᠨ ᠤ ᠪᠡᠶ᠎ᠡ ᠶᠢᠨ ᠠᠮᠤᠷ ᠲᠦᠪᠰᠢᠨ ᠤ ᠪᠠᠶᠢᠴᠠᠭᠠᠯᠳᠠ᠂ ᠦᠨᠡᠨ ᠨᠡᠷ᠎ᠡ ᠶᠢᠨ ᠪᠠᠶᠢᠴᠠᠭᠠᠨ ᠲᠤᠳᠤᠯᠠᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠠᠮᠤᠷ ᠲᠦᠪᠰᠢᠨ ᠤ ᠪᠠᠶᠢᠴᠠᠭᠠᠯᠲᠠ ᠭᠦᠯᠢᠶᠡᠬᠦ ᠶᠢ ᠲᠡᠪᠴᠢᠵᠦ᠂ ᠬᠤᠪᠢ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ ᠲᠡᠷᠭᠡᠨ ᠪᠢᠯᠧᠲ ᠬᠠᠩᠭᠠᠬᠤ ᠦᠬᠡᠢ᠂ ᠡᠰᠡᠬᠦᠯ᠎ᠡ ᠪᠢᠯᠧᠲ᠂ ᠦᠨᠡᠮᠯᠡᠯ ᠪᠠ ᠬᠥᠮᠦᠨ ᠭᠤᠷᠪᠠ ᠨᠢ ᠨᠢᠭᠡᠳᠦᠯ ᠦᠭᠡᠢ ᠪᠠᠶᠢᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠲᠡᠭᠦᠨ ᠤ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ ᠶᠢ ᠨᠢ ᠲᠡᠪᠴᠢᠬᠦ ᠡᠷᠬᠡ ᠲᠠᠢ᠃      ᠬᠤᠷᠢᠨ ᠵᠢᠷᠭᠤᠳᠤᠭᠠᠷ ᠵᠦᠢᠯ ᠠᠶᠠᠨᠴᠢᠳ ᠤᠨ ᠭᠠᠯᠲᠤ ᠲᠡᠷᠭᠡ ᠨᠢ ᠴᠠᠭ ᠠᠴᠠ ᠪᠠᠨ ᠬᠤᠵᠢᠨᠨᠳᠠᠬᠤ᠂ ᠲᠤᠭᠤᠷᠢᠭᠤ ᠠᠶᠠᠯᠠᠬᠤ᠂ ᠲᠡᠭᠡᠭᠡᠪᠦᠷᠢᠯᠡᠬᠦ ᠪᠠᠨ ᠵᠣᠭᠰᠣᠬᠤ ᠪᠠᠶᠢᠳᠠᠯ ᠭᠠᠷᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ ᠲᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠬᠡᠯᠡᠨ ᠨᠡᠪᠳᠡᠷᠡᠭᠦᠯᠬᠦ ᠬᠡᠷᠡᠭᠲᠡᠶ᠃ ᠠᠶᠠᠨᠴᠢᠳ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠲᠠᠢ ᠬᠠᠮᠵᠢᠯᠴᠠᠨ ᠲᠤᠬᠢᠷᠠᠭᠤᠯᠤᠨ ᠰᠶᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠢᠨ ᠳᠣᠯᠣᠳᠤᠭᠠᠷ ᠵᠦᠢᠯ ᠲᠡᠮᠦᠷ ᠵᠠᠮ ᠤᠨ ᠲᠡᠭᠡᠭᠡᠪᠦᠷᠢ ᠶᠢᠨ ᠲᠦᠷᠭᠡᠨ ᠬᠦᠷᠭᠡᠬᠦ ᠵᠦᠢᠯ᠂ ᠠᠴᠢᠶ᠎ᠡ ᠲᠡᠬᠡᠬᠡᠰᠢ᠂ ᠪᠤᠭᠤᠳᠠᠯ ᠪᠠᠭᠯᠠᠭ᠎ᠠ ᠶᠢ ᠦᠨᠡᠨ ᠨᠡᠷ᠎ᠡ ᠪᠠᠷ ᠲᠠᠩᠰᠠᠯᠠᠨ ᠲᠡᠮᠳᠡᠭᠯᠡᠬᠦ ᠪᠠ ᠲᠡᠳᠡᠬᠡᠷ ᠲᠤ ᠠᠮᠤᠷ ᠲᠦᠪᠰᠢᠨ ᠤ ᠪᠠᠶᠢᠴᠠᠭᠠᠯᠲᠠ ᠬᠢᠬᠦ ᠬᠡᠷᠡᠭᠲᠡᠶ᠃      ᠨᠠᠶᠢᠳᠠᠨ ᠲᠡᠭᠡᠭᠡᠪᠦᠷᠢᠯᠡᠭᠦᠯᠤᠭ᠍ᠴᠢ ᠨᠢ ᠲᠦᠷᠭᠡᠨ ᠬᠦᠷᠭᠡᠬᠦ ᠵᠦᠢᠯ᠂ ᠠᠴᠢᠶ᠎ᠡ ᠲᠡᠬᠡᠬᠡᠰᠢ᠂ ᠪᠤᠭᠤᠳᠠᠯ ᠪᠠᠭᠯᠠᠭ᠎ᠠ ᠶᠢ ᠪᠠᠨ ᠨᠠᠶᠢᠳᠡᠨ ᠲᠡᠬᠡᠬᠡᠪᠦᠷᠢᠯᠡᠬᠦᠯᠬᠦ ᠦᠶ᠎ᠡ ᠳᠤ᠂ ᠡᠳ᠋ ᠪᠠᠷᠠᠭ᠎ᠠ ᠶᠢᠨ ᠨᠡᠷ᠎ᠡ᠂ ᠰᠢᠨᠵᠢ ᠴᠢᠨᠠᠷ᠂ ᠬᠦᠨᠳᠦ ᠶᠢᠨ ᠬᠡᠮᠵᠢᠶ᠎ᠡ ᠶᠢ ᠨᠢᠭᠤᠨ ᠳᠠᠷᠤᠵᠤ ᠬᠤᠳᠠᠯ ᠢᠶᠠᠷ ᠮᠡᠳᠡᠬᠦᠯᠵᠦ ᠪᠣᠯᠬᠤ ᠦᠭᠡᠢ᠂ ᠠᠶᠤᠯ ᠲᠠᠢ ᠵᠦᠢᠯ᠂ ᠲᠡᠭᠡᠭᠡᠪᠦᠷᠢ ᠶᠢᠨ ᠬᠤᠷᠢᠭᠠᠲᠠᠶ ᠵᠦᠢᠯ ᠢ ᠨᠢᠭᠤᠨ ᠲᠠᠯᠳᠠᠯᠠᠵᠦ ᠪᠣᠯᠬᠤ ᠦᠭᠡᠢ᠃ ᠵᠣᠷᠢᠭᠤᠳᠠ ᠡᠳ᠋ ᠪᠠᠷᠠᠭ᠎ᠠ ᠶᠢᠨ ᠨᠡᠷ᠎ᠡ᠂ ᠰᠢᠨᠵᠢ ᠴᠢᠨᠠᠷ᠂ ᠬᠦᠨᠳᠦ ᠶᠢᠨ ᠬᠡᠮᠵᠢᠶ᠎ᠡ ᠶᠢ ᠬᠤᠳᠠᠯ ᠢᠶᠠᠷ ᠮᠡᠳᠡᠬᠦᠯᠬᠦ ᠪᠤᠶᠤ ᠠᠶᠤᠯ ᠲᠠᠢ ᠵᠦᠢᠯ᠂ ᠲᠡᠭᠡᠭᠡᠪᠦᠷᠢ ᠶᠢᠨ ᠬᠤᠷᠢᠭᠠᠲᠠᠶ ᠵᠦᠢᠯ ᠢ ᠨᠢᠭᠤᠨ ᠲᠠᠯᠳᠠᠯᠬᠠᠰᠠᠨ ᠪᠠᠶᠢᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠳᠠᠭᠠᠭᠠᠴᠢᠯᠠᠨ ᠲᠡᠭᠡᠭᠡᠪᠦᠷᠢᠯᠡᠬᠦ ᠶᠢ ᠲᠡᠪᠴᠢᠬᠦ ᠡᠷᠬᠡ ᠲᠠᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠠᠤᠯᠢ ᠶᠣᠰᠣᠭᠠᠷ ᠰᠶᠢᠳᠪᠦᠷᠢᠯᠡᠬᠦᠯᠬᠦ ᠬᠡᠷᠡᠭᠳᠡᠢ᠃      ᠬᠤᠷᠢᠨ ᠨᠠᠢᠮᠠᠳᠤᠭᠠᠷ ᠵᠦᠢᠯ ᠬᠥᠳᠡᠯᠭᠡᠭᠦᠷᠲᠦ ᠲᠡᠷᠬᠡᠨ ᠴᠤᠪᠤᠭ᠎ᠠ ᠶᠢᠨ ᠡᠯ᠎ᠡ ᠬᠡᠰᠡᠭ᠂ ᠡᠩ ᠤᠨ ᠬᠤᠷᠳᠤᠴᠠᠲᠤ ᠠᠶᠠᠨᠴᠢᠳ ᠤᠨ ᠭᠠᠯᠳᠤ ᠲᠡᠷᠬᠡᠨ ᠤ ᠸᠠᠭᠤᠨ ᠪᠠ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡᠨ ᠤ ᠲᠡᠷᠭᠡ ᠬᠦᠯᠢᠶᠡᠬᠦ ᠲᠠᠰᠤᠭ᠂ ᠪᠢᠯᠧᠲ ᠬᠤᠳᠠᠯᠳᠤᠬᠤ ᠲᠢᠩᠬᠢᠮ᠂ ᠪᠢᠯᠧᠲ ᠠᠪᠬᠤ ᠲᠢᠩᠬᠢᠮ᠂ ᠠᠴᠢᠶ᠎ᠡ ᠲᠡᠬᠡᠬᠡᠰᠢ ᠪᠤᠭᠤᠳᠠᠯ ᠪᠠᠭᠯᠠᠭ᠎ᠠ ᠬᠠᠳᠠᠭᠠᠯᠠᠬᠤ ᠬᠡᠷ ᠵᠢᠴᠢ ᠲᠡᠮᠦᠷ ᠵᠠᠮ ᠤᠨ ᠪᠠᠷᠠᠭᠠᠨ ᠤ ᠭᠦᠢᠯᠬᠡᠬᠡᠨ ᠤ ᠬᠦᠷᠢᠶᠡᠯᠡᠩ ᠲᠣᠭᠤᠷᠢᠭ᠂ ᠠᠴᠢᠶ᠎ᠠ ᠲᠡᠬᠡᠬᠡᠪᠦᠷᠢ ᠶᠢᠨ ᠲᠠᠯᠠᠪᠠᠢ ᠦᠷᠳᠡᠭᠡ ᠵᠡᠷᠭᠡ ᠭᠦᠷᠢᠶ᠎ᠡ ᠬᠡᠪᠴᠢᠶ᠎ᠡ ᠪᠤᠯ ᠴᠦᠮ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠪᠣᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠲᠤ ᠤᠬᠠᠭᠤᠯᠭ᠎ᠠ ᠬᠢᠵᠦ᠂ ᠲᠠᠮᠠᠬᠢ ᠲᠠᠲᠠᠬᠤ ᠶᠢ ᠴᠠᠭᠠᠵᠠᠯᠠᠬᠤ ᠲᠡᠮᠳᠡᠭ ᠲᠤᠬᠢᠷᠠᠭᠤᠯᠵᠦ᠂ ᠲᠠᠮᠠᠬᠢ ᠲᠠᠲᠠᠬᠤ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠭᠦᠨᠦᠬᠡᠯ ᠤᠴᠠᠷᠠᠭᠤᠯᠬᠤ ᠲᠤᠤᠷᠠᠬᠢ ᠮᠡᠳᠦ ᠶᠢᠨ ᠦᠢᠯᠡ ᠠᠵᠢᠯᠯᠠᠭ᠎ᠠ ᠬᠡᠷᠡᠭᠵᠢᠬᠦᠯᠬᠦ ᠶᠢ ᠴᠠᠭᠠᠵᠠᠯᠠᠨ᠎ᠠ᠄      ︵ᠨᠢᠭᠡ︶ ᠠᠯᠪᠠ ᠪᠠᠷ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ᠂ ᠪᠤᠰᠤᠳ ᠤᠨ ᠰᠠᠭᠤᠳᠠᠯ ᠢ ᠬᠦᠴᠦᠷᠬᠡᠭᠯᠡᠨ ᠡᠵᠡᠯᠡᠬᠦ ᠪᠤᠶᠤ ᠬᠢᠮᠳᠠ ᠪᠢᠯᠧᠲ ᠢᠶᠠᠷ ᠦᠨᠡᠳᠡᠢ ᠪᠢᠯᠧᠲ ᠤᠨ ᠰᠠᠭᠤᠳᠠᠯ ᠳᠤ ᠰᠠᠭᠤᠬᠤ︔      ︵ᠬᠤᠶᠠᠷ︶ ᠲᠡᠷᠭᠡᠨ ᠠᠴᠠ ᠪᠠᠭᠤᠵᠤ ᠥᠷᠲᠡᠭᠡᠨ ᠠᠴᠠ ᠭᠠᠷᠬᠤ ᠶᠢ ᠲᠡᠪᠴᠢᠬᠦ᠂ ᠲᠡᠷᠬᠡᠨ ᠦᠷᠳᠡᠭᠡ ᠭᠠᠯᠲᠤ ᠲᠡᠷᠭᠡ ᠶᠢ ᠪᠦᠭᠯᠡᠵᠦ ᠬᠠᠰᠢᠬᠤ︔      ︵ᠭᠤᠷᠪᠠ︶ ᠲᠡᠮᠦᠷ ᠵᠠᠮ ᠤᠨ ᠠᠵᠢᠯᠲᠠᠨ ᠠᠵᠢᠯᠴᠢᠨ ᠢ ᠴᠣᠬᠢᠵᠤ ᠬᠠᠷᠢᠶᠠᠬᠤ᠂ ᠲᠡᠮᠦᠷ ᠵᠠᠮ ᠤᠨ ᠠᠵᠢᠯᠲᠠᠨ ᠠᠵᠢᠯᠴᠢᠨ ᠤ ᠬᠡᠪ ᠤᠨ ᠠᠵᠢᠯ ᠢ ᠬᠠᠷᠰᠢᠯᠠᠵᠦ ᠨᠦᠯᠦᠬᠡᠯᠡᠬᠦ︔      ︵ᠲᠦᠷᠪᠡ︶ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠲᠤ ᠲᠠᠮᠠᠬᠢ ᠲᠠᠲᠠᠬᠤ︔      ︵ᠲᠠᠪᠤ︶ ᠳᠤᠷ᠎ᠠ ᠪᠠᠷ ᠢᠶᠠᠨ ᠲᠡᠮᠦᠷ ᠵᠠᠮ ᠢ ᠲᠠᠪᠠᠭᠤᠯᠵᠦ ᠭᠦᠨᠳᠡᠯᠢᠰᠬᠦ ᠪᠤᠶᠤ ᠲᠤᠤᠭᠤᠷ ᠨᠢ ᠨᠦᠬᠡᠯᠡᠵᠦ ᠨᠡᠪᠲᠡᠯᠬᠦ︔      ︵ᠵᠢᠷᠭᠤᠭ᠎ᠠ︶ ᠲᠤᠷ᠎ᠠ ᠪᠠᠷ ᠢᠶᠠᠨ ᠲᠡᠮᠦᠷ ᠵᠠᠮ ᠤᠨ ᠪᠢᠳᠡᠭᠦᠮᠵᠢᠯᠡᠭᠰᠡᠨ ᠤᠷᠤᠨ ᠪᠤᠶᠤ ᠲᠡᠮᠦᠷ ᠵᠠᠮ ᠤᠨ ᠠᠵᠢᠯᠯᠠᠬᠤ ᠤᠷᠤᠨ ᠳᠤ ᠤᠷᠤᠬᠤ︔      ︵ᠳᠣᠯᠤᠭ᠎ᠠ︶ ᠲᠡᠮᠦᠷ ᠵᠠᠮ ᠤᠨ ᠲᠦᠭᠦᠬᠡᠷᠦᠮᠵᠢ ᠪᠡᠯᠡᠳᠬᠡᠮᠵᠢ ᠪᠤᠶᠤ ᠲᠡᠮᠳᠡᠭ ᠢ ᠡᠪᠳᠡᠯᠡᠵᠦ ᠰᠦᠢᠳᠬᠡᠬᠦ︔      ︵ᠨᠠᠢᠮᠠ︶ ᠲᠡᠮᠦᠷ ᠵᠠᠮ ᠤᠨ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠰᠢᠰᠲ᠋ᠧᠮ ᠳᠤ ᠲᠦᠷᠢᠨ ᠣᠷᠣᠬᠤ᠂ ᠲᠠᠭᠠᠷᠢᠬᠤ᠂ ᠡᠪᠳᠡᠯᠡᠬᠦ᠂ ᠬᠠᠷᠰᠢᠯᠠᠵᠦ ᠨᠦᠯᠦᠬᠡᠯᠡᠬᠦ︔      ︵ᠶᠢᠰᠦ︶ ᠲᠡᠮᠦᠷ ᠵᠠᠮ ᠤᠷᠤᠭᠤ ᠶᠠᠭᠤᠮ᠎ᠠ ᠰᠢᠳᠡᠬᠦ ᠪᠤᠶᠤ ᠭᠠᠯᠲᠤ ᠲᠡᠷᠭᠡᠨ ᠠᠴᠠ ᠭᠠᠳᠠᠭᠰᠢ ᠪᠠᠨ ᠬᠠᠶᠠᠬᠤ︔      ︵ᠠᠷᠪᠠ︶ ᠲᠡᠮᠦᠷ ᠵᠠᠮ ᠤᠨ ᠠᠮᠤᠷ ᠲᠦᠪᠰᠢᠨ ᠳᠤ ᠠᠰᠢᠭ ᠦᠭᠡᠢ ᠳᠠᠭᠤ ᠳᠦᠷᠰᠦ ᠰᠢᠩᠭᠡᠭᠡᠯᠲᠡ᠂ ᠬᠡᠷᠡᠯ ᠵᠢᠷᠤᠭ ᠦᠰᠦᠭ ᠪᠢᠴᠢᠭ ᠤᠨ ᠮᠠᠲ᠋ᠧᠷᠢᠶᠠᠯ ᠨᠠᠶᠢᠷᠠᠭᠤᠯᠤᠨ ᠵᠣᠬᠢᠶᠠᠬᠤ᠂ ᠤᠯᠠᠮᠵᠢᠯᠠᠬᠤ᠂ ᠲᠠᠮᠵᠢᠭᠤᠯᠤᠨ ᠲᠠᠷᠬᠠᠭᠠᠬᠤ᠃      ᠭᠤᠴᠢᠳᠤᠭᠠᠷ ᠵᠦᠢᠯ ᠲᠤᠰ ᠲᠣᠭᠲᠠᠭᠠᠯ ᠤᠨ ᠨᠠᠢᠮᠠᠳᠤᠭᠠᠷ ᠵᠦᠢᠯ᠂ ᠠᠷᠪᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠠᠷᠪᠠᠨ ᠲᠠᠪᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ᠂ ᠬᠤᠷᠢᠳᠤᠭᠠᠷ ᠵᠦᠢᠯ᠂ ᠬᠤᠷᠢᠨ ᠳᠥᠷᠪᠡᠳᠦᠭᠡᠷ ᠵᠦᠢᠯ᠂ ᠬᠤᠷᠢ ᠶᠢᠰᠦᠳᠦᠭᠡᠷ ᠵᠦᠢᠯ ᠢ ᠵᠥᠷᠢᠴᠡᠵᠦ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠬᠤ ᠬᠡᠷᠡᠭᠳᠡᠢ ᠃ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃      ᠭᠤᠴᠢᠨ ᠨᠢᠬᠡᠳᠦᠬᠡᠷ ᠵᠦᠢᠯ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠬᠤ ᠨᠢᠭᠡᠴᠢ ᠵᠢᠴᠢ ᠠᠵᠢᠯᠳᠠᠨ ᠠᠵᠢᠯᠴᠢᠨ ᠨᠢ ᠠᠯᠪᠠᠨ ᠲᠤᠰᠢᠶᠠᠯ ᠳᠤ ᠪᠠᠨ ᠠᠯᠮᠠᠶᠢᠷᠠᠨ ᠤᠰᠤᠯᠳᠠᠵᠦ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠦ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠭᠤᠤᠯᠯᠠᠨ ᠬᠠᠮᠢᠶᠠᠷᠤᠨᠨᠴᠢ ᠪᠣᠯᠤᠨ ᠪᠤᠰᠤᠳ ᠰᠢᠭᠤᠳ ᠬᠠᠷᠢᠭᠤᠴᠠᠬᠤ ᠭᠦᠮᠦᠰ ᠲᠤ ᠬᠠᠤᠯᠢ ᠶᠣᠰᠣᠭᠠᠷ ᠰᠢᠢᠳᠬᠡᠯ ᠤᠯᠭᠤᠨ᠎ᠠ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠬᠤᠶᠠᠳᠤᠭᠠᠷ ᠵᠦᠢᠯ ᠲᠤᠰ ᠲᠣᠭᠲᠠᠭᠠᠯ ᠢ 2019 ᠣᠨ ᠤ 11 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ