1 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ ᠪᠥᠬᠦ ᠤᠯᠤᠰ ᠤᠨ ᠳᠡᠭᠡᠳᠦ ᠬᠤᠷᠳᠤ ᠶᠢᠨ ᠵᠠᠰᠠᠮᠠᠯ | ᠵᠠᠮ ᠤᠨ ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠦᠭᠡᠶᠢᠰᠬᠡᠬᠦ ᠢᠨᠵᠧᠨᠧᠷᠢᠩ ᠢ ᠲᠣᠣᠷ ᠲᠤ | ᠨᠡᠶᠢᠯᠡᠭᠦᠯᠦᠨ ᠰᠣᠯᠢᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠦᠢᠳᠭᠡᠯ | ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ | ᠵᠠᠮ ᠤᠨ ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠦᠭᠡᠶᠢᠰᠬᠡᠬᠦ ᠠᠵᠢᠯ ᠤᠨ ᠵᠢᠯᠣᠭᠤᠳᠬᠤ | ᠭᠠᠵᠠᠷ ᠪᠣᠯᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠩᠭᠢ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠰᠢᠯᠢ ᠶᠢᠨ ᠭᠤᠤᠯ ᠤᠨ ᠰᠠᠯᠪᠤᠷᠢ ᠠᠩᠭᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ | ᠣᠷᠣᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠳᠠᠬᠢ ᠬᠤᠪᠢᠶᠠᠷᠢ ᠺᠣᠮᠫᠠᠨᠢ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ︽ᠨᠢᠭᠡ ᠵᠠᠮ ᠭᠤᠷᠪᠠᠨ | ᠰᠠᠯᠠᠭ᠎ᠠ ᠮᠦᠴᠢᠷ︾ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠵᠢᠯᠲᠠᠳ ᠢ ᠵᠣᠬᠢᠶᠠᠨ ᠪᠠᠶᠢᠭᠤᠯᠤᠨ ᠰᠠᠨ ᠬᠤᠤ ᠳ᠋ᠢ ᠰᠦᠢᠳᠬᠡᠯ ᠬᠤᠷᠢᠶᠠᠬᠤ ᠥᠷᠲᠡᠭᠡ ᠶᠢᠨ ᠲᠤᠬᠠᠶ ᠶᠢᠨ | ᠲᠠᠯᠠᠪᠠᠢ ᠳᠤ ᠭᠦᠨᠵᠡᠭᠡᠶᠢᠷᠡᠵᠦ᠂ ᠲᠣᠤᠷ ᠲᠤ ᠨᠡᠶᠢᠯᠡᠭᠦᠯᠦᠨ ᠰᠣᠯᠢᠬᠤ ᠠᠵᠢᠯ ᠤᠨ ᠲᠣᠭᠲᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠥᠨᠡᠨ ᠬᠦ ᠪᠠᠲᠤᠯᠠᠪᠠ᠃ | ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ | ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠦᠭᠡᠶᠢᠰᠬᠡᠬᠦ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠴᠢᠬᠤᠯᠠ ᠶᠡᠭᠡ ᠡᠭᠦᠷᠭᠡ ᠮᠥᠨ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ | ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠥᠬᠦ | ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠨᠢ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ | ᠰᠢᠰᠲ᠋ᠧᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠦᠭᠵᠢᠷᠡᠯ ᠢ | ᠨᠠᠮᠳᠠᠭᠤᠯᠤᠨ᠂ ᠠᠷᠠᠳ ᠣᠯᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠳᠤ ᠬᠦᠴᠦ ᠨᠡᠮᠡᠷᠢᠯᠡᠬᠦ ᠪᠣᠯᠤᠨ᠎ᠠ᠃ ᠰᠠᠨ ᠬᠤᠤ ᠳ᠋ᠢ ᠰᠦᠢᠳᠬᠡᠯ ᠬᠤᠷᠢᠶᠠᠬᠤ ᠥᠷᠲᠡᠭᠡ ᠶᠢ | ᠪᠠᠭᠲᠠᠭᠠᠭᠰᠠᠨ ᠪᠥᠬᠦ ᠤᠯᠤᠰ ᠤᠨ ᠰᠦᠯᠵᠢᠶ᠎ᠡ ᠬᠤᠯᠪᠣᠭᠰᠠᠨ 29 ᠮᠣᠵᠢ ᠣᠷᠣᠨ ᠤ ᠮᠤᠵᠢ ᠶᠢᠨ ᠵᠠᠭᠠᠭ ᠤᠨ 487 | ᠰᠦᠢᠳᠭᠡᠯ ᠬᠤᠷᠢᠶᠠᠬᠤ ᠥᠷᠲᠡᠭᠡ ᠶᠢ ᠪᠦᠬᠦᠨ ᠢ ᠦᠭᠡᠶᠢᠰᠬᠡᠭᠰᠡᠨ ᠢᠶᠠᠷ ᠪᠣᠶ ᠪᠦᠬᠦᠢ ᠲᠡᠷᠭᠡ ᠤᠨᠤᠭ᠎ᠠ ᠴᠥᠮ | ᠮᠤᠵᠢ ᠶᠢᠨ ᠵᠠᠭᠠᠭ ᠲᠤ ᠵᠣᠭᠰᠣᠬᠤ ᠥᠬᠡᠶ ᠪᠠᠷ ᠲᠥᠷᠭᠡᠨ ᠠᠶᠠᠯᠠᠬᠤ ᠪᠣᠯᠭᠠᠵᠤ᠂ ᠲᠦᠷᠭᠡᠨ ᠠᠶᠠᠯᠠᠬᠤ ᠰᠢᠨ᠎ᠡ ᠴᠠᠭ | ᠦᠶ᠎ᠡ ᠶᠢ ᠤᠭᠲᠤᠨ ᠠᠪᠴᠢᠷᠠᠪᠠ᠃ |