2019 ᠣᠨ ᠤ 7 ᠳ᠋ᠤᠭᠠᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭ᠎ᠠ ᠶᠢᠨ ᠪᠠᠶᠠᠨᠨᠠᠭᠤᠷ ᠲᠠᠬᠢ ᠬᠤᠪᠢᠶᠠᠷᠢ ᠺᠣᠮᠫᠠᠨᠢ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶ᠎ᠠ ᠲᠠᠢ | ︽ᠡᠮᠴᠢᠯᠡᠭᠡᠨ ᠤ ᠡᠭᠦᠯᠡ︾ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠬᠢᠷᠠᠯᠴᠠᠪᠠ᠃ ᠲᠠᠪᠤᠨ ᠰᠠᠷ᠎ᠠ ᠭᠠᠷᠤᠢ ᠶᠢᠨ | ᠴᠢᠷᠮᠠᠶᠢᠯᠭ᠎ᠠ ᠪᠠᠷ ᠳᠠᠮᠵᠢᠨ᠂ 2019 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ︽ᠡᠮᠴᠢᠯᠡᠭᠡᠨ ᠤ ᠡᠭᠦᠯᠡ | ︾ ᠶᠢᠨ ᠡᠬᠢᠯᠡᠭᠦᠯᠦᠯ ᠤᠨ ᠶᠣᠰᠣᠯᠠᠯ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶ᠎ᠠ ᠳᠤ ᠶᠠᠪᠤᠭᠳᠠᠵᠤ᠂ 2020 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ᠂ ᠪᠠᠶᠠᠨᠨᠠᠭᠤᠷ ᠬᠤᠲᠠ ᠶᠢᠨ ︽ᠡᠮᠴᠢᠯᠡᠭᠡᠨ ᠤ | ᠡᠭᠦᠯᠡ︾ ᠶᠢᠨ ᠦᠶᠯᠡᠴᠢᠯᠡᠭᠡ ᠶᠢ ᠵᠤᠯᠭᠠᠯᠳᠤᠭᠤᠯᠪᠠ᠂ ᠡᠨᠡ ᠨᠢ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶ᠎ᠠ | ᠪᠥᠬᠦ ᠣᠷᠣᠨ ᠤ ᠠᠩᠬᠠᠳᠠᠭᠴᠢ ︽ᠡᠭᠦᠯᠡ︾ ᠳᠤ ᠭᠠᠷᠤᠭᠰᠠᠨ ᠡᠮᠨᠡᠯᠭᠡ ᠶᠢᠨ ᠬᠤᠷᠢᠶ᠎ᠠ ᠪᠣᠯᠵᠤ᠂ ᠣᠶᠤᠨᠴᠢ | ᠡᠮᠴᠢᠯᠡᠭᠡ ᠵᠢᠩᠬᠢᠨᠢ ᠪᠠᠷ ᠡᠭᠦᠯᠡᠨ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠳᠥᠷᠪᠡᠨ ᠱᠠᠲᠤᠨ ᠤ ᠡᠮᠴᠢᠯᠡᠭᠡᠨ ᠤ ᠪᠠᠶᠢᠭᠤᠯᠤᠮᠵᠢ | ᠨᠡᠶᠢᠲᠡ 800 ᠪᠠᠶᠢᠵᠤ᠂ ᠭᠤᠷᠪᠠᠳᠤᠭᠠᠷ ᠱᠠᠲᠤᠨ ᠤ ᠡᠮᠨᠡᠯᠭᠡ ᠶᠢᠨ ᠬᠤᠷᠢᠶ᠎ᠠ 3᠂ ᠬᠤᠶᠠᠳᠤᠭᠠᠷ ᠱᠠᠲᠤᠨ ᠤ | ᠡᠮᠨᠡᠯᠭᠡ ᠶᠢᠨ ᠬᠤᠷᠢᠶ᠎ᠠ 21᠂ ᠰᠢᠶᠠᠩ ᠪᠠᠯᠭᠠᠰᠤᠨ ᠤ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠬᠤᠷᠢᠶ᠎ᠠ 132᠂ ᠲᠣᠰᠬᠤᠨ ᠳᠤᠭᠤᠶᠢᠯᠠᠩ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ 644 | ᠪᠤᠢ᠂ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶ᠎ᠠ ᠪᠣᠯ ᠪᠥᠬᠦ ᠬᠤᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ | ᠲᠤᠬᠠᠶ ᠶᠢᠨ ᠭᠠᠵᠠᠷ ᠲᠤ ᠪᠠᠨ ᠨᠥᠯᠥᠭᠡ ᠶᠡᠬᠡᠲᠡᠢ ᠭᠤᠷᠪᠠᠳᠤᠭᠠᠷ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠪᠣᠯᠤᠨ᠎ᠠ᠃ | ︽ᠨᠢᠭᠡ ᠴᠣᠭᠴᠠᠵᠢᠭᠰᠠᠨ ᠡᠯᠧᠺᠲᠷᠣᠨ ᠡᠪᠡᠳᠴᠢᠨ ᠤ ᠲᠡᠦᠬᠡ᠂ ᠬᠤᠷᠠᠮᠠᠯ ᠲᠠᠪᠴᠠᠩ ᠪᠣᠯᠤᠨ ᠡᠭᠦᠯᠡᠨ ᠲᠠᠪᠴᠠᠩ︾ | ᠤᠨ ᠤᠷᠤᠭᠰᠢᠲᠠᠶ ᠰᠣᠯᠢᠭᠳᠠᠬᠤ ᠶᠢ ᠳᠠᠭᠠᠯᠳᠤᠨ᠂ ᠰᠢᠨ᠎ᠡ ᠰᠢᠰᠲ᠋ᠧᠮ ᠨᠢ ᠳᠤᠮᠳᠠᠳᠤ ᠤᠯᠤᠰ ᠤᠨ ᠰᠢᠯᠵᠢᠮᠡᠯ | ᠬᠤᠯᠪᠣᠭ᠎ᠠ ᠶᠢᠨ ᠬᠠᠩᠭᠠᠭᠰᠠᠨ ᠰᠢᠯᠵᠢᠮᠡᠯ ᠡᠭᠦᠯᠡᠨ ᠲᠠᠪᠴᠠᠩ ᠳᠤ ᠰᠠᠭᠤᠷᠢᠯᠠᠨ ᠠᠵᠢᠯᠯᠠᠵᠤ᠂ ᠪᠦᠬᠦ ᠮᠡᠳᠡᠭᠡ ᠵᠠᠩᠭᠢ | ᠶᠢᠨ ᠲᠤᠬᠠᠶᠢᠯᠠᠭᠰᠠᠨ ᠠᠵᠢᠯ ᠢ ᠰᠢᠯᠵᠢᠮᠡᠯ ᠡᠭᠦᠯᠡᠨ ᠳᠤ ᠤᠷᠤᠭᠰᠢᠲᠠᠶ ᠪᠠᠷ ᠵᠣᠯᠭᠠᠯᠳᠤᠭᠤᠯᠵᠠᠢ᠂ ᠡᠭᠦᠯᠡᠨ ᠲᠠᠪᠴᠠᠩ | ᠨᠢ ᠡᠮᠨᠡᠯᠭᠡ ᠶᠢᠨ ᠬᠤᠷᠢᠶᠠᠨ ᠤ ᠡᠯ᠎ᠡ ᠬᠡᠷᠡᠭᠯᠡᠭᠡᠨ ᠤ ᠬᠤᠭᠤᠷᠣᠨᠳᠣᠬᠢ ᠪᠠᠬᠢᠯᠡᠯᠲᠡ ᠶᠢ ᠨᠡᠪᠲᠡᠷᠡᠭᠦᠯᠪᠡ᠃ ᠲᠡᠭᠦᠨ ᠤ | ᠥᠷᠭᠡᠳᠬᠡᠵᠦ ᠪᠣᠯᠬᠤ ᠴᠢᠨᠠᠷ᠂ ᠨᠠᠶᠢᠳᠠᠪᠤᠷᠢᠲᠤ ᠴᠢᠨᠠᠷ ᠵᠢᠴᠢ ᠴᠤᠤᠷᠢᠶᠠᠳᠤᠨ ᠳᠠᠭᠠᠬᠤ ᠴᠢᠳᠠᠪᠤᠷᠢ᠂ ᠰᠢᠰᠲ᠋ᠧᠮ ᠤᠨ | ᠬᠠᠲᠠᠭᠤ ᠲᠤᠨᠤᠭ ᠤᠨ ᠠᠮᠤᠷ ᠲᠦᠪᠰᠢᠨ ᠤ ᠨᠠᠶᠢᠳᠠᠪᠤᠷᠢᠲᠦ ᠴᠢᠨᠠᠷ ᠢ ᠳᠡᠭᠡᠭᠰᠢᠯᠡᠭᠦᠯᠦᠭᠰᠡᠨ ᠢᠶᠠᠷ ᠡᠮᠴᠢ ᠶᠢᠨ ᠠᠯᠪᠠᠨ | ᠭᠡᠷ᠂ ᠰᠤᠪᠢᠯᠠᠭᠴᠢ ᠶᠢᠨ ᠠᠵᠢᠯ ᠤᠨ ᠥᠷᠲᠡᠭᠡ᠂ ᠰᠦᠶᠳᠬᠡᠯ ᠲᠤᠰᠢᠶᠠᠬᠤ ᠴᠤᠩᠬᠤᠪᠴᠢ᠂ ᠡᠮ ᠡᠮᠨᠡᠯᠭᠡ ᠶᠢᠨ | ᠳᠠᠭᠠᠳᠬᠠᠯ ᠤᠨ ᠳ᠋ᠦᠩᠨᠡᠨ ᠪᠣᠳᠣᠬᠤ ᠴᠤᠩᠬᠤᠪᠴᠢ ᠵᠡᠷᠭᠡ ᠠᠷᠤ ᠲᠠᠯ᠎ᠠ ᠶᠢᠨ ᠲᠤᠬᠠᠶᠢᠯᠠᠭᠰᠠᠨ ᠠᠵᠢᠯ ᠢ | ᠰᠤᠷᠪᠤᠯᠵᠢᠯᠠᠬᠤ ᠴᠠᠭ ᠢ ᠢᠯᠡᠳᠲᠡ ᠪᠣᠭᠤᠨᠢᠰᠬᠠᠵᠤ᠂ ᠲᠤᠬᠠᠶᠢᠯᠠᠭᠰᠠᠨ ᠠᠵᠢᠯ ᠢ ᠰᠢᠶᠳᠪᠦᠷᠢᠯᠡᠬᠦ ᠦᠷ᠎ᠡ ᠪᠦᠲᠦᠮᠵᠢ | ᠨᠠᠩ ᠥᠨᠳᠥᠷ ᠪᠣᠯᠬᠤ ᠪᠣᠯᠣᠨ᠎ᠠ᠃ | ᠲᠣᠰ ᠤᠳᠠᠭᠠᠨ ᠤ ︽ᠡᠮᠴᠢᠯᠡᠭᠡᠨ ᠤ ᠡᠭᠦᠯᠡ︾ ᠶᠢ ᠤᠷᠤᠭᠰᠢᠲᠠᠶ ᠪᠠᠷ ᠰᠦᠯᠵᠢᠶᠡᠨ ᠳᠤ ᠣᠷᠣᠭᠤᠯᠬᠤ ᠶᠢ | ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠪᠠᠶᠠᠨᠨᠠᠭᠤᠷ ᠲᠠᠬᠢ ᠬᠤᠪᠢᠶᠠᠷᠢ | ᠺᠣᠮᠫᠠᠨᠢ ᠨᠢ ᠮᠡᠷᠭᠡᠵᠢᠯ ᠤᠨ ᠭᠤᠤᠯᠯᠠᠭᠴᠢ ᠬᠦᠴᠦᠨ ᠵᠢᠴᠢ ᠬᠤᠸᠠ ᠸᠧᠢ ᠶᠢᠨ ᠮᠡᠷᠭᠡᠵᠢᠯ ᠤᠨ ᠠᠵᠢᠯᠲᠠᠳ ᠢ | ᠰᠤᠩᠭᠤᠨ ︽ᠲᠤᠰᠬᠠᠶ ᠲᠥᠷᠥᠯ ᠤᠨ ᠪᠠᠲᠤᠯᠠᠭ᠎ᠠ ᠶᠢᠨ ᠠᠵᠢᠯ ᠤᠨ ᠳᠤᠭᠤᠶᠢᠯᠠᠩ︾ ᠪᠠᠶᠢᠭᠤᠯᠵᠤ᠂ 6*24 | ᠴᠠᠭ ᠤᠨ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠥᠷᠨᠢᠭᠦᠯᠵᠦ᠂ ᠵᠢᠯ ᠤᠨ ᠡᠴᠦᠰ ᠪᠠ ᠵᠢᠯ ᠤᠨ ᠡᠬᠢᠨ ᠤ 6 | ᠡᠳᠦᠷ ᠳᠣᠲᠣᠷ᠎ᠠ᠂ ᠪᠠᠲᠤᠯᠠᠭ᠎ᠠ ᠶᠢᠨ ᠳᠤᠭᠤᠶᠢᠯᠠᠩ ᠤᠨ ᠠᠵᠢᠯᠲᠠᠳ ᠡᠳᠦᠷ ᠰᠥᠨᠢ ᠥᠬᠡᠶ ᠴᠠᠭ ᠨᠡᠮᠡᠨ ᠠᠵᠢᠯᠯᠠᠵᠤ᠂ | ︽ᠡᠮᠴᠢᠯᠡᠭᠡᠨ ᠤ ᠡᠭᠦᠯᠡ︾ ᠶᠢ ᠰᠦᠯᠵᠢᠶᠡᠨ ᠳᠤ ᠣᠷᠣᠭᠤᠯᠬᠤ ᠪᠠᠲᠤᠯᠠᠭ᠎ᠠ ᠶᠢᠨ ᠠᠵᠢᠯ ᠢ ᠤᠷᠤᠭᠰᠢᠲᠠᠢ | ᠥᠷᠨᠢᠭᠦᠯᠪᠡ᠃ ᠣᠳᠣ ᠠᠵᠢᠯᠯᠠᠭᠠᠨ ᠨᠢ ᠲᠣᠭᠲᠠᠭᠤᠨ ᠪᠠᠶᠢᠨ᠎ᠠ᠃ | ᠲᠣᠰ ᠤᠳᠠᠭᠠᠨ ᠤ ︽ᠡᠮᠴᠢᠯᠡᠭᠡᠨ ᠤ ᠡᠭᠦᠯᠡ︾ ᠶᠢᠨ ᠲᠥᠷᠥᠯ ᠵᠦᠶᠯ ᠤᠨ ᠬᠠᠮᠲᠤᠷᠠᠯᠴᠠᠭ᠎ᠠ ᠨᠢ ᠡᠭᠦᠯᠡᠨ | ᠪᠣᠳᠣᠯᠲᠠ ᠶᠢᠨ ᠮᠡᠷᠭᠡᠵᠢᠯ ᠪᠣᠯᠤᠨ ᠡᠮᠴᠢᠯᠡᠭᠡᠨ ᠤ ᠠᠵᠢᠯ ᠲᠥᠷᠥᠯ ᠤᠨ ᠨᠢᠭᠲᠠ ᠠᠭᠤᠰᠤᠯᠴᠠᠯ ᠤᠨ ᠦᠯᠢᠭᠡᠷ | ᠵᠢᠱᠢᠶ᠎ᠡ ᠪᠣᠯᠵᠤ᠂ ᠪᠥᠬᠦ ᠣᠷᠣᠨ ᠤ ᠡᠮᠴᠢᠯᠡᠭᠡᠨ ᠤ ᠠᠵᠢᠯ ᠲᠥᠷᠥᠯ ᠤᠨ ᠠᠩᠬᠠᠳᠠᠭᠴᠢ ᠣᠶᠣᠨᠲᠦ ᠡᠮᠨᠡᠯᠭᠡ ᠶᠢᠨ | ᠬᠤᠷᠢᠶ᠎ᠠ ᠶᠢᠨ ᠦᠯᠢᠭᠡᠷ ᠳᠠᠭᠤᠷᠢᠶᠠᠯ ᠢ ᠪᠣᠢ ᠪᠣᠯᠭᠠᠵᠤ᠂ ᠠᠵᠢᠯ ᠲᠥᠷᠥᠯ ᠤᠨ ᠬᠡᠷᠡᠭᠯᠡᠭᠡᠨ ᠤ ᠬᠡᠪ ᠳᠠᠭᠤᠷᠢᠶᠠᠯ | ᠪᠣᠯᠵᠤ᠂ ᠪᠥᠬᠦ ᠬᠤᠲᠠ ᠶᠢᠨ ᠲᠠᠷᠠᠭᠠᠴᠢ ᠶᠢᠨ ᠠᠯᠬᠤᠮ ᠤᠨ ︽5G + ᠣᠶᠣᠨᠲᠦ ᠡᠮᠴᠢᠯᠡᠭᠡ︾ ᠶᠢᠨ | ᠠᠭᠤᠰᠤᠯᠴᠠᠨ ᠬᠥᠭᠵᠢᠬᠦ ᠳᠤ ᠰᠠᠭᠤᠷᠢ ᠲᠠᠯᠪᠢᠵᠤ ᠥᠭᠴᠡᠶ᠃ ᠳᠠᠷᠠᠭᠠᠴᠢ ᠪᠠᠷ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭ᠎ᠠ ᠶᠢᠨ ᠪᠠᠶᠠᠨᠨᠠᠭᠤᠷ ᠲᠠᠬᠢ ᠬᠤᠪᠢᠶᠠᠷᠢ ᠺᠣᠮᠫᠠᠨᠢ 5G ᠶᠢᠨ ᠤᠷᠢᠳᠴᠢᠯᠠᠭᠰᠠᠨ ᠳᠠᠪᠠᠭᠤᠯᠢᠭ ᠢ ᠭᠦᠶᠴᠡᠳ | ᠪᠠᠳᠠᠷᠠᠭᠤᠯᠤᠨ᠂ ᠵᠠᠰᠠᠭ ᠤᠨ ᠶᠠᠪᠤᠳᠠᠯ᠂ ᠬᠥᠳᠡᠭᠡ ᠠᠵᠤ ᠠᠬᠤᠶ᠂ ᠵᠢᠭᠤᠯᠴᠢᠯᠠᠯ᠂ ᠵᠠᠮ ᠬᠠᠷᠢᠯᠴᠠᠭ᠎ᠠ᠂ ᠡᠮ ᠡᠮᠨᠡᠯᠭᠡ᠂ | ᠰᠤᠷᠭᠠᠨ ᠬᠥᠮᠦᠵᠢᠯ᠂ ᠣᠶᠣᠨᠲᠦ ᠬᠤᠲᠠ ᠵᠡᠷᠭᠡ ᠬᠦᠷᠢᠶᠡᠨ ᠳᠤ 5G ᠮᠡᠷᠭᠡᠵᠢᠯ ᠤᠨ ᠵᠢᠱᠢᠶ᠎ᠡ ᠦᠵᠡᠭᠦᠯᠬᠦ | ᠬᠡᠷᠡᠭᠯᠡᠯᠲᠡ ᠶᠢ ᠨᠤᠲᠤᠭᠰᠢᠭᠤᠯᠤᠨ ᠨᠠᠶᠢᠳᠠᠪᠤᠷᠢᠵᠢᠬᠤ ᠶᠢ ᠲᠦᠷᠭᠡᠳᠬᠡᠨ ᠠᠬᠢᠭᠤᠯᠵᠤ᠂ ᠪᠠᠶᠠᠨᠨᠠᠭᠤᠷ ᠬᠤᠲᠠ ᠶᠢᠨ | ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ | ᠬᠤᠲᠠ ᠶᠢᠨ ᠠᠷᠠᠳ ᠤᠨ ᠠᠮᠢᠳᠤᠷᠠᠯ ᠳᠤ ᠨᠠᠩ ᠡᠯᠪᠡᠭ ᠪᠠᠶᠠᠯᠢᠭ᠂ ᠣᠶᠣᠨᠲᠦ ᠣᠶᠢᠯᠠᠭᠠᠮᠵᠢ ᠣᠯᠭᠤᠬᠤ ᠪᠣᠯᠤᠨ᠎ᠠ᠃ | |