ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2020/1/9

     1 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2019 ᠣᠨ ᠠᠴᠠ ᠨᠠᠭᠠᠰᠢᠬᠢ ᠪᠥᠬᠦ ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠤᠤ ᠵᠧᠨ ᠢᠦᠢ ᠭᠤᠤᠯ ᠰᠡᠳᠦᠪ ᠢ ᠨᠡᠶᠢᠲᠡᠯᠡᠪᠡ᠃
     ᠠᠷᠠᠳ ᠤᠨ ᠠᠮᠢᠳᠤᠷᠠᠯ ᠠᠷᠠᠳ ᠤᠨ ᠰᠡᠳᠬᠢᠯ ᠯᠤᠭ᠎ᠠ ᠬᠤᠯᠪᠣᠯᠳᠤᠵᠤ᠂ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠥᠷᠥ ᠮᠥᠨ᠃ 2019 ᠣᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠣᠯᠤᠨ ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠶᠳᠪᠦᠷᠢᠯᠡᠬᠦ ᠠᠴᠠ ᠭᠠᠷᠳᠠᠨ᠂ ᠡᠯ᠎ᠡ ᠵᠦᠶᠯ ᠤᠨ ᠠᠷᠠᠳ ᠤᠨ ᠠᠮᠢᠳᠤᠷᠠᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠡᠭᠡᠷ᠎ᠡ ᠦᠨᠡᠨ ᠬᠦ ᠢᠯᠡᠷᠡᠭᠦᠯᠪᠡ᠃
     ᠪᠤᠤ ᠵᠧᠨ ᠢᠦᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ᠂ ᠠᠵᠢᠯ ᠣᠯᠭᠤᠯᠲᠠ ᠭᠡᠬᠦ ᠡᠨᠡᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠠᠳᠬᠤᠬᠤ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠠᠷᠠᠳ ᠣᠯᠠᠨ ᠳᠤ ᠲᠠᠭᠠᠯᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠶᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠬᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠬᠦ᠂ ᠣᠯᠠᠨ ᠲᠦᠮᠡᠨ ᠳᠤ ᠡᠶ᠎ᠡ ᠵᠣᠬᠢᠴᠠᠩᠭᠤᠶ ᠠᠮᠤᠷ ᠲᠦᠪᠰᠢᠨ ᠣᠷᠴᠢᠨ ᠲᠣᠭᠤᠷᠢᠨ ᠢ ᠴᠢᠷᠮᠠᠶᠢᠨ ᠡᠭᠦᠳᠴᠦ ᠥᠭᠬᠦ ᠵᠡᠷᠭᠡ ᠨᠠᠶᠮᠠᠨ ᠲᠠᠯ᠎ᠠ ᠶᠢᠨ ᠲᠣᠭᠤᠷᠢᠨ ᠳᠤ᠂ ᠪᠦᠬᠦ ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠠᠷᠭ᠎ᠠ ᠬᠡᠮᠵᠢᠶ᠎ᠡ᠂ ᠭᠢᠯᠠᠰ ᠴᠡᠭ ᠪᠣᠯᠤᠨ ᠦᠷ᠎ᠡ ᠪᠦᠲᠦᠮᠵᠢ ᠶᠢ ᠶᠡᠷᠦᠩᠬᠡᠶ ᠳᠤᠨᠢ ᠲᠠᠨᠢᠯᠴᠠᠭᠤᠯᠪᠠ᠃
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ