9 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ | ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠬᠯᠠᠨ ᠲᠣᠭᠲᠠᠭᠠᠬᠤ ᠲᠥᠰᠦᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠭᠤᠷᠬᠠᠶ ᠶᠢᠨ | ᠦᠢᠯᠡᠰ ᠤᠨ ᠡᠷᠬᠡ ᠶᠢᠨ ᠬᠠᠮᠲᠤᠷᠠᠨ ᠠᠵᠢᠯᠯᠠᠬᠤ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ︽ᠮᠠᠯᠵᠢᠬᠤ ᠣᠷᠣᠨ ᠤ | ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 —2022 ᠣᠨ︶︾ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠡᠷᠡᠭᠵᠢᠭᠦᠯᠬᠦ | ᠬᠤᠷᠢᠭ᠎ᠠ ᠱᠤᠭᠤᠮ ᠪᠠ ᠠᠮᠢ ᠨᠠᠰᠤᠨ ᠤ ᠱᠤᠭᠤᠮ ᠮᠥᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠬᠤ ᠴᠢᠬᠤᠯᠠ ᠪᠠᠲᠤᠯᠠᠭ᠎ᠠ ᠮᠥᠨ᠃ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠢᠨ᠎ᠡ ᠬᠥᠭᠵᠢᠯᠲᠡ ᠶᠢᠨ ᠣᠢᠢᠯᠠᠭᠠᠬᠳᠠᠬᠤᠨ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠵᠥ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ | ᠪᠥᠲᠥᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠵᠠᠮᠨᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠳᠤᠷᠠᠨ ᠠᠵᠢᠯᠯᠠᠬᠤ ᠰᠢᠯᠵᠢᠭᠦᠯᠦᠨ ᠦᠭᠭᠦ | ᠬᠠᠮᠢᠶᠠᠷᠤᠯᠲᠠ ᠶᠢ ᠴᠢᠩᠭᠠᠳᠬᠠᠬᠤ ᠪᠤᠯ ᠨᠡᠭᠦᠷᠡᠰᠦᠨ ᠤ ᠬᠦᠷᠢᠶᠡᠨ ᠳᠤ ᠬᠤᠯᠪᠣᠭᠳᠠᠬᠤ ᠬᠠᠤᠯᠢ ᠠᠴᠠ ᠵᠦᠷᠢᠴᠡᠵᠥ ᠳᠦᠷᠢᠮ ᠳᠤᠬᠳᠠᠭᠠᠯ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠴᠢᠬᠤᠯᠠ ᠭᠤᠬᠴᠤᠭ᠎ᠠ ᠪᠣᠯᠬᠤ ᠪᠥᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠢᠨ᠎ᠡ | ᠪᠠᠶᠢᠳᠠᠯ ᠰᠢᠨ᠎ᠡ ᠡᠭᠦᠷᠭᠡ ᠳᠤ ᠵᠣᠬᠢᠴᠠᠭᠤᠯᠬᠤ ᠪᠣᠳᠠᠲᠤ ᠬᠡᠷᠡᠭᠴᠡᠭᠡ ᠪᠣᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ᠂ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠴᠢᠩᠳᠠᠯᠠᠵᠤ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠳᠤᠷᠠᠨ ᠠᠵᠢᠯᠯᠠᠬᠤ ᠰᠢᠯᠵᠢᠭᠦᠯᠦᠨ ᠥᠭᠬᠦ ᠦᠢᠯᠡ ᠠᠵᠢᠯᠯᠠᠭ᠎ᠠ ᠶᠢ ᠦᠨᠡᠨ ᠬᠦ | ᠵᠢᠷᠤᠮᠵᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ | ᠬᠥᠭᠵᠢᠯᠲᠡ ᠳᠤ ᠰᠠᠭᠤᠷᠢᠯᠠᠵᠥ᠂ ᠣᠶ ᠰᠢᠭᠤᠶ᠂ ᠨᠤᠲᠤᠭ ᠪᠡᠯᠴᠢᠬᠡᠷ᠂ ᠨᠤᠭᠤ ᠭᠠᠵᠠᠷ ᠢ ᠬᠠᠮᠠᠭᠠᠯᠠᠬᠤ ᠶᠢ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ | ᠴᠢᠬᠤᠯᠠ ᠡᠭᠦᠷᠭᠡ ᠪᠣᠯᠭᠠᠵᠤ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠥᠮᠦᠨ ᠤ ᠠᠵᠢᠯᠯᠠᠭ᠎ᠠ ᠶᠢᠨ ᠨᠤᠲᠤᠭ ᠪᠡᠯᠴᠢᠭᠡᠷ ᠲᠤ ᠦᠵᠡᠭᠦᠯᠬᠦ | ᠨᠥᠯᠥᠭᠡ ᠪᠠ ᠡᠪᠳᠡᠯᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠶᠠᠪᠤᠵᠤ | ᠰᠠᠭᠤᠬᠤ᠂ ᠴᠠᠬᠢᠯᠭᠠᠨ ᠬᠡᠷᠡᠭᠯᠡᠬᠦ᠂ ᠴᠢᠮᠡᠭᠡ ᠬᠤᠯᠪᠣᠭ᠎ᠠ ᠵᠢᠴᠢ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ | ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠪᠡᠶᠡᠯᠡᠭᠦᠯᠬᠦ ᠬᠡᠷᠡᠭᠳᠡᠢ | ᠃ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ ᠠᠬᠢᠭᠤᠯᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ︽ᠲᠠᠪᠤᠨ ᠬᠠᠮᠳᠤ ᠶᠢᠨ ᠳᠠᠨᠢᠯᠳᠡ︾ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠶᠡᠭᠡ | ᠰᠠᠶᠢᠨ ᠪᠠᠶᠢᠳᠠᠯ ᠢ ᠬᠠᠮᠠᠭᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |