ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2020/10/10

     ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠢ ᠶᠢ ᠡᠭᠦᠳᠦᠨ ᠪᠠᠶᠢᠭᠤᠯᠬᠤ ᠪᠠᠷ ᠬᠦᠴᠦᠯᠡᠬᠦ ᠴᠡᠭ ᠪᠣᠯᠭᠠᠵᠤ᠂

︽ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢᠨ ᠬᠢᠨᠠᠨ ᠪᠠᠶᠢᠴᠠᠭᠠᠯᠲᠠ︾ ᠳᠥᠷᠪᠡ ᠶᠢ ᠨᠢᠭᠡ ᠴᠣᠭᠴᠠᠵᠢᠭᠤᠯᠤᠭᠰᠠᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠪᠠᠬᠢᠵᠢᠭᠦᠯᠦᠨ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
      ᠤᠯᠠᠭᠠᠨᠴᠡᠴᠡᠭ ᠨᠢᠭᠡᠨ ᠮᠣᠩᠭᠤᠯ ᠬᠤᠪᠴᠠᠰᠤ ᠵᠠᠰᠠᠯ ᠣᠶᠣᠬᠤ ᠬᠢᠬᠦ ᠠᠵᠤ ᠠᠬᠤᠶᠢᠯᠠᠯ ᠡᠷᠬᠢᠯᠡᠵᠦ᠂ ᠣᠶᠢᠷ᠎ᠠ ᠳᠤ ᠠᠵᠤ ᠠᠬᠤᠶᠢᠯᠠᠯ ᠤᠨ ᠭᠠᠷ ᠭᠦᠢᠴᠡᠳᠬᠡᠯ ᠢᠶᠠᠨ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠤᠴᠢᠷ ᠢᠶᠠᠷ ᠥᠷᠯᠥᠭᠡ ᠡᠷᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂

︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠨ ᠦᠢᠯᠡᠴᠢᠯᠡᠬᠦ︾ ᠯᠠᠩᠭᠦᠶ ᠳᠡᠭᠡᠷ᠎ᠡ ᠠᠷᠪᠠᠨ ᠬᠡᠳᠦᠨ ᠮᠢᠨᠦ᠋ᠲ ᠲᠤ ᠳᠠᠷᠤᠶ ᠰᠢᠨ᠎ᠡ ᠦᠨᠡᠮᠯᠡᠯ ᠢᠶᠠᠨ ᠰᠣᠯᠢᠵᠤ ᠠᠪᠴᠠᠢ᠃
     ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠣᠯᠠᠨ ᠵᠢᠯ ᠤᠨ ᠲᠤᠷᠰᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠨᠢ ᠲᠥᠪ ᠨᠢ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ︽ᠬᠥᠮᠦᠨ ᠢᠶᠠᠷ ᠦᠨᠳᠦᠰᠦ ᠪᠣᠯᠭᠠᠵᠤ᠂ ᠠᠷᠠᠳ ᠲᠤ ᠦᠢᠯᠡᠴᠢᠯᠡᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠷᠠᠳ ᠲᠤ ᠳᠥᠭᠦᠮ ᠦᠵᠡᠭᠦᠯᠬᠦ ᠠᠷᠠᠳ ᠲᠦᠮᠡᠨ ᠳᠤ ᠠᠰᠢᠭ ᠬᠦᠷᠲᠡᠭᠡᠬᠦ ᠠᠷᠠᠳ ᠲᠦᠮᠡᠨ ᠳᠤ ᠦᠢᠯᠡᠴᠢᠯᠡᠬᠦ ᠪᠠᠷ ᠠᠵᠢᠯ ᠤᠨ ᠡᠭᠦᠰᠦᠯᠲᠡ ᠪᠣᠯᠤᠨ ᠵᠣᠭᠰᠤᠴᠠ ᠪᠣᠯᠭᠠᠵᠤ᠂ ᠦᠢᠯᠡᠴᠢᠯᠡᠭᠡᠨ ᠤ ᠠᠷᠭ᠎ᠠ ᠪᠠᠷᠢᠯ ᠢ ᠲᠠᠰᠤᠷᠠᠯᠲᠠ ᠦᠭᠡᠢ ᠪᠦᠷᠢᠨᠰᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂

︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠠᠩ ᠢᠯᠡᠭᠦᠦ ᠬᠦᠷᠲᠡᠭᠡᠬᠦ ᠶᠢ ᠲᠦᠯᠬᠢᠨ ᠠᠬᠢᠭᠤᠯᠤᠭᠰᠠᠨ ᠪᠥᠭᠡᠳ ᠬᠢᠨᠠᠨ ᠵᠥᠪᠰᠢᠶᠡᠷᠡᠬᠦ ᠦᠢᠯᠡᠴᠢᠯᠡᠭᠡ ᠶᠢ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠤᠨ ᠵᠠᠭᠪᠤᠷ ᠢ ᠳᠡᠯᠭᠡᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠦᠨ᠂ ᠡᠯ᠎ᠡ ᠦᠨᠳᠦᠰᠦᠲᠡᠨ ᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠳᠤ ᠲᠤᠩ ᠳᠦᠭᠦᠮ ᠦᠵᠡᠭᠦᠯᠵᠡᠢ᠃ ᠮᠣᠩᠭᠤᠯ ᠦᠨᠳᠦᠰᠦᠲᠡᠨ ᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠪᠤᠳᠠᠲᠠᠢ ᠪᠠᠶᠢᠳᠠᠯ ᠳᠤ ᠴᠢᠭᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠣᠷᠤᠴᠠ ᠳᠤ ᠲᠤᠰᠬᠠᠶᠢᠯᠠᠨ ︽ᠮᠣᠩᠭᠤᠯ ᠬᠢᠲᠠᠳ ᠬᠤᠤᠰ ᠬᠡᠯᠡ︾ ᠶᠢᠨ ᠠᠰᠠᠭᠤᠨ ᠯᠠᠪᠯᠠᠬᠤ ᠬᠥᠲᠥᠯᠦᠨ ᠳᠠᠭᠠᠭᠤᠯᠬᠤ ᠦᠢᠯᠡᠴᠢᠯᠡᠭᠡᠨ ᠤ ᠲᠠᠪᠴᠠᠩ ᠭᠠᠷᠭᠠᠪᠠ︔ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠴᠤᠩᠬᠤᠪᠴᠢ ᠳᠤ ︽ᠮᠣᠩᠭᠤᠯ ᠬᠢᠲᠠᠳ ᠬᠤᠤᠰ ᠬᠡᠯᠡᠨ ᠤ ᠦᠢᠯᠡᠴᠢᠯᠡᠭᠡᠨ ᠤ ᠠᠵᠢᠯ ᠤᠨ ᠪᠠᠶᠢᠷᠢ︾ ᠭᠠᠷᠭᠠᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠥᠬᠦᠮ ᠦᠵᠡᠭᠦᠯᠪᠡ᠃
     ᠡᠭᠦᠨ ᠠᠴᠠ ᠭᠠᠳᠠᠨ᠎ᠠ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠰᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠬᠠᠪᠰᠤᠷᠤᠨ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠢ ᠪᠠᠶᠢᠭᠤᠯᠬᠤ ᠶᠢᠨ ᠴᠢᠬᠤᠯᠠ ᠡᠭᠦᠷᠭᠡ ᠪᠠᠨ ᠪᠣᠯᠭᠠᠵᠤ᠂ ᠣᠯᠠᠨ ᠵᠢᠯ ᠤᠨ ᠲᠤᠷᠰᠢ ᠬᠠᠪᠰᠤᠷᠤᠨ ᠲᠡᠳᠬᠦᠬᠦ ᠪᠡᠯᠡ ᠮᠥᠩᠭᠦ 80 ᠭᠠᠷᠤᠶ ᠲᠦᠮᠡᠨ ᠲᠥᠭᠦᠷᠢᠭ ᠣᠷᠣᠭᠤᠯᠤᠨ᠂ ᠲᠥᠷᠥᠯ ᠵᠦᠢᠯ ᠤᠨ ᠪᠠᠯᠠ ᠮᠥᠩᠭᠦ ᠶᠢ 70 ᠭᠠᠷᠤᠶ ᠲᠦᠮᠡᠨ ᠲᠥᠭᠦᠷᠢᠭ ᠵᠣᠬᠢᠴᠠᠭᠤᠯᠤᠨ ᠣᠯᠵᠤ᠂ ᠭᠠᠴᠠᠭ᠎ᠠ ᠵᠢᠴᠢ ᠮᠠᠯᠴᠢᠨ ᠲᠦᠮᠡᠨ ᠢ ᠬᠠᠪᠰᠤᠷᠤᠨ ᠲᠡᠳᠬᠦᠵᠦ ᠪᠠᠶᠢᠭᠠᠳ ᠴᠠᠬᠢᠯᠭᠠᠨ ᠨᠡᠪᠲᠡᠷᠡᠭᠦᠯᠬᠦ᠂ ᠵᠠᠮ ᠨᠡᠪᠲᠡᠷᠡᠭᠦᠯᠬᠦ᠂ ᠰᠢᠨ᠎ᠡ ᠪᠠᠷ ᠬᠠᠰᠢᠶ᠎ᠠ ᠰᠠᠷᠠᠪᠴᠢ ᠪᠠᠶᠢᠭᠤᠯᠬᠤ᠂ ᠮᠠᠰᠢᠨ ᠴᠠᠬᠢᠯᠭᠠᠨ ᠬᠤᠳᠳᠤᠭ ᠮᠠᠯᠲᠠᠬᠤ᠂ ᠬᠤᠴᠠ ᠤᠬᠤᠨ᠎ᠠ ᠬᠤᠳᠠᠯᠳᠤᠨ ᠠᠪᠬᠤ᠂ ᠰᠠᠯᠬᠢ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠥᠷᠢᠯᠡᠬᠦ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ