ᠡᠨᠡ ᠵᠢᠯ ᠠᠴᠠ ᠨᠠᠭᠠᠰᠢ᠂ ᠪᠤᠭᠤᠲᠤ ᠬᠤᠲᠠ ᠪᠣᠳᠠᠲᠤ ᠴᠣᠭᠴᠠ ᠶᠢᠨ ᠲᠢᠩᠬᠢᠮ ᠤᠨ ᠪᠦᠲᠦᠭᠡᠨ | ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ ︽ᠭᠤᠷᠪᠠ ᠶᠢ ᠲᠥᠪᠯᠡᠷᠡᠭᠦᠯᠦᠨ᠂ ᠳᠥᠷᠪᠡ ᠶᠢ ᠪᠣᠳᠠᠲᠠᠶᠢᠵᠢᠭᠤᠯᠬᠤ︾ | ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠶᠡᠷᠦᠩᠬᠡᠢᠯᠡᠭᠰᠡᠨ ᠴᠢᠨᠠᠷᠲᠠᠢ ᠪᠣᠳᠠᠲᠤ ᠴᠣᠭᠴᠠ ᠶᠢᠨ ᠶᠡᠭᠡ ᠲᠢᠩᠬᠢᠮ ᠳᠤ ᠲᠥᠪᠯᠡᠷᠡᠭᠦᠯᠵᠦ ᠵᠢᠷᠤᠮᠵᠢᠭᠤᠯᠤᠨ | ᠭᠦᠢᠴᠡᠳᠬᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠬᠦᠷᠢᠶ᠎ᠡ | ᠬᠡᠪᠴᠢᠶ᠎ᠡ ᠶᠢ ᠲᠣᠳᠣᠷᠬᠠᠶᠢᠯᠠᠵᠤ᠂ ᠲᠤᠬᠠᠶᠢᠯᠠᠪᠠᠯ ᠤᠯᠤᠰ ᠤᠨ ᠠᠮᠤᠷ ᠲᠦᠪᠰᠢᠨ᠂ ᠨᠢᠭᠤᠴᠠ ᠳᠤ ᠬᠤᠯᠪᠣᠭᠳᠠᠬᠤ | ᠵᠡᠷᠭᠡ ᠵᠦᠢᠯᠡᠰ ᠢ ᠭᠠᠷᠭᠠᠪᠠᠯ ᠵᠠᠰᠠᠭ ᠵᠠᠬᠢᠷᠭᠠᠨ ᠤ ᠡᠷᠬᠡ ᠶᠣᠰᠣᠭᠠᠷ ᠭᠤᠶᠤᠴᠢᠯᠠᠬᠤ ᠵᠦᠢᠯᠡᠰ ᠳᠠᠷᠤᠢ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ | ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠪᠤᠰᠤᠳ ᠡᠷᠬᠡ ᠪᠠ ᠣᠯᠠᠨ | ᠨᠡᠶᠢᠲᠡ ᠶᠢᠨ ᠦᠢᠯᠡᠴᠢᠯᠡᠭᠡᠨ ᠢ ᠪᠠᠭᠲᠠᠭᠠᠭᠰᠠᠨ ᠵᠦᠢᠯᠡᠰ ᠢ ᠪᠦᠬᠦᠨ ᠢ ᠲᠣᠰ ᠱᠠᠲᠤᠨ ᠤ ᠪᠣᠳᠠᠲᠤ ᠴᠣᠭᠴᠠ ᠶᠢᠨ | ᠲᠢᠩᠬᠢᠮ ᠳᠤ ᠲᠥᠪᠯᠡᠷᠡᠭᠦᠯᠦᠭᠰᠡᠨ ᠪᠦᠭᠡᠳ ᠭᠦᠢᠴᠡᠳ ᠡᠷᠬᠡ ᠣᠯᠭᠤᠵᠤ᠂ ᠶᠡᠭᠡ ᠲᠢᠩᠬᠢᠮ ᠤᠨ ᠲᠤᠬᠠᠶ ᠶᠢᠨ | ᠲᠠᠯᠠᠪᠤᠷ ᠲᠤ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃ | ᠪᠤᠭᠤᠲᠤ ᠬᠤᠲᠠ ᠶᠢᠨ ᠲᠣᠰ ᠱᠠᠲᠤᠨ ᠤ 558 ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠴᠥᠮ ᠶᠡᠭᠡ ᠲᠢᠩᠬᠢᠮ ᠳᠤ ᠲᠥᠪᠯᠡᠷᠡᠭᠦᠯᠵᠦ᠂ ᠬᠤᠰᠢᠭᠤ ᠰᠢᠶᠠᠨ ᠲᠣᠭᠤᠷᠢᠭ ᠤᠨ ᠵᠦᠢᠯᠡᠰ ᠢ ᠴᠦ ᠶᠡᠭᠡ | ᠲᠢᠩᠬᠢᠮ ᠳᠤ ᠲᠥᠪᠯᠡᠷᠡᠭᠦᠯᠬᠦ ᠶᠢ ᠲᠦᠷᠭᠡᠳᠬᠡᠪᠡ᠃ ᠡᠭᠦᠨ ᠠᠴᠠ ᠭᠠᠳᠠᠨ᠎ᠠ᠂ ᠪᠤᠭᠤᠲᠤ ᠬᠤᠲᠠ ᠪᠠᠰᠠ | ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ ᠪᠠᠶᠢᠨ᠎ᠠ᠃ ᠣᠳᠣᠬᠠᠨ ᠳᠤ᠂ ᠶᠡᠭᠡ | ᠲᠢᠩᠬᠢᠮ ᠳᠤ ᠲᠥᠪᠯᠡᠷᠡᠭᠦᠯᠬᠦ ᠤᠴᠢᠷ ᠶᠠᠪᠤᠳᠠᠯ ᠤᠨ ᠬᠡᠷᠡᠭ ᠭᠦᠢᠴᠡᠳᠬᠡᠬᠦ ᠵᠦᠭᠯᠡᠭᠦᠷ ᠢ ᠪᠦᠬᠦ ᠲᠠᠯ᠎ᠠ ᠪᠠᠷ ᠢᠯᠡ | ᠪᠣᠯᠭᠠᠨ᠂ ᠬᠡᠷᠡᠭᠵᠢᠭᠦᠯᠬᠦ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠨᠡᠶᠢᠲᠡᠯᠡᠬᠦ ᠠᠭᠤᠯᠭ᠎ᠠ ᠶᠢ ᠵᠥᠪ ᠣᠨᠣᠪᠴᠢᠲᠠᠶ ᠨᠢᠭᠡᠳᠦᠯᠲᠡᠶ ᠪᠠᠶᠢᠯᠭᠠᠬᠤ ᠶᠢ ᠦᠨᠡᠨ ᠬᠦ | ᠪᠠᠲᠤᠯᠠᠵᠤ ᠪᠠᠶᠢᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠥᠪᠯᠡᠯᠭᠡ ᠥᠭᠬᠦ᠂ | ᠭᠥᠯᠢᠶᠡᠨ ᠠᠪᠴᠤ ᠭᠦᠢᠴᠡᠳᠬᠡᠬᠦ᠂ ᠠᠦ᠋ᠲ᠋ᠣ᠋ ᠦᠢᠯᠡᠴᠢᠯᠡᠬᠦ ᠵᠡᠷᠭᠡ ᠠᠷᠭ᠎ᠠ ᠵᠠᠮ ᠢ ᠨᠡᠪᠲᠡᠷᠡᠭᠦᠯᠵᠦ᠂ ᠵᠥᠷᠢᠶ᠎ᠡ ᠥᠬᠡᠶ | ᠦᠢᠯᠡᠴᠢᠯᠡᠭᠡ ᠬᠠᠩᠭᠠᠵᠤ ᠪᠠᠶᠢᠨ᠎ᠠ᠃ | ᠡᠭᠦᠨ ᠤ ᠬᠠᠮᠲᠤ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠬᠦᠯᠢᠶᠡᠨ ᠠᠪᠴᠤ | ᠭᠦᠢᠴᠡᠳᠬᠡᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ | ᠲᠢᠩᠬᠢᠮ ᠤᠨ 150 ᠭᠠᠷᠤᠶ ᠴᠣᠩᠬᠤᠪᠴᠢ ᠶᠢ 30 ᠪᠣᠯᠭᠠᠨ ᠴᠥᠬᠡᠳᠬᠡᠵᠦ᠂ ᠬᠤᠰᠢᠭᠤ ᠰᠢᠶᠠᠨ ᠲᠣᠭᠤᠷᠢᠭ ᠤᠨ | ᠴᠣᠩᠬᠤᠪᠴᠢ ᠶᠢ ᠴᠤ ᠶᠡᠭᠡ ᠪᠠᠷ ᠴᠦᠬᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠶ | ᠥᠨᠳᠥᠷ ᠪᠦᠲᠦᠮᠵᠢᠲᠡᠶ ᠵᠥᠷᠢᠶ᠎ᠡ ᠥᠬᠡᠶ ᠭᠥᠯᠢᠶᠡᠨ ᠠᠪᠴᠤ ᠭᠦᠢᠴᠡᠳᠬᠡᠬᠦ ᠦᠢᠯᠡᠴᠢᠯᠡᠭᠡ ᠬᠠᠩᠭᠠᠵᠤ᠂ | ᠴᠣᠩᠬᠤᠪᠴᠢ ᠶᠢᠨ ᠦᠢᠯᠡᠴᠢᠯᠡᠭᠡᠨ ᠤ ᠣᠪᠣᠷ ᠨᠢ ᠠᠨᠠᠶ᠂ ᠶᠠᠭᠠᠷᠠᠤ ᠰᠤᠯᠠ ᠨᠢ ᠲᠡᠩᠴᠡᠭᠦᠷᠢᠲᠡᠢ ᠪᠤᠰᠤ᠂ ᠦᠷ᠎ᠡ | ᠪᠦᠲᠦᠮᠵᠢ ᠨᠢ ᠳᠣᠤᠷ᠎ᠠ᠂ ᠬᠢᠨᠠᠯᠲᠠ ᠬᠠᠮᠢᠶᠠᠷᠤᠯᠲᠠ ᠳᠤᠲᠠᠮᠠᠭ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ | ᠲᠠᠯᠠᠪᠤᠷ ᠭᠠᠵᠠᠷ ᠤᠨ ᠬᠢᠵᠠᠭᠠᠷᠯᠠᠯ ᠠᠴᠠ ᠪᠣᠯᠵᠤ ᠲᠤᠰᠠᠭᠠᠷ ᠲᠣᠬᠢᠷᠠᠭᠤᠯᠤᠭᠰᠠᠨ ᠰᠠᠯᠠᠭ᠎ᠠ ᠮᠥᠴᠢᠷ ᠤᠨ ᠥᠪᠡᠷᠲᠡᠭᠡᠨ | ᠪᠠᠶᠢᠭᠤᠯᠤᠭᠰᠠᠨ ᠲᠢᠩᠬᠢᠮ ᠳᠤ ᠨᠢᠭᠡᠳᠦᠯᠲᠡᠶ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ | ᠬᠤᠲᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠡᠷᠡᠭ ᠡᠷᠬᠢᠯᠡᠬᠦ ᠴᠣᠩᠬᠤᠪᠴᠢ ᠲᠣᠬᠢᠷᠠᠭᠤᠯᠵᠤ᠂ | ᠬᠤᠪᠢᠶᠠᠷᠢ ᠲᠢᠩᠬᠢᠮ ᠲᠠᠢ ᠨᠢᠭᠡᠳᠦᠯᠲᠡᠶ ᠦᠢᠯᠡᠴᠢᠯᠡᠭᠡᠨ ᠤ ᠠᠭᠤᠯᠭ᠎ᠠ ᠬᠠᠩᠭᠠᠨ᠂ ᠬᠤᠪᠢᠶᠠᠷᠢ ᠲᠢᠩᠬᠢᠮ ᠤᠨ | ᠵᠦᠢᠯᠡᠰ ᠢ ᠬᠠᠷᠢᠴᠠᠩᠭᠤᠶ ᠪᠠᠷ ᠲᠥᠪᠯᠡᠷᠡᠭᠦᠯᠦᠭᠰᠡᠨ ᠮᠥᠷᠲᠡᠭᠡᠨ ᠪᠠᠰᠠ ᠤᠯᠠᠨ ᠭᠠᠵᠠᠷ ᠲᠤ ᠭᠦᠢᠴᠡᠳᠬᠡᠵᠦ ᠪᠣᠯᠬᠤ ᠶᠢ | ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠤᠢᠢᠷ᠎ᠠ ᠬᠠᠪᠢ ᠳᠤ ᠪᠠᠨ ᠭᠦᠢᠴᠡᠳᠬᠡᠵᠦ ᠳᠡᠶᠢᠯᠬᠦ᠂ | ᠳᠤᠲᠠᠭᠤ ᠭᠦᠶᠦᠬᠦ ᠲᠦᠷᠭᠡᠨ ᠭᠦᠢᠴᠡᠳᠬᠡᠬᠦ ᠳᠤ ᠲᠦᠬᠦᠮ ᠦᠵᠡᠭᠦᠯᠵᠡᠢ᠃ |