ᠪᠤᠭᠤᠲᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠶ ᠪᠣᠳᠠᠲᠤ ᠴᠣᠭᠴᠠ ᠶᠢᠨ ᠶᠡᠭᠡ ᠲᠢᠩᠬᠢᠮ ᠳᠤ ᠲᠥᠪᠯᠡᠷᠡᠭᠦᠯᠵᠦ ᠵᠢᠷᠤᠮᠵᠢᠭᠤᠯᠤᠨ ᠭᠦᠢᠴᠡᠳᠬᠡᠬᠦ ᠶᠢ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2020/10/13

     ᠡᠨᠡ ᠵᠢᠯ ᠠᠴᠠ ᠨᠠᠭᠠᠰᠢ᠂ ᠪᠤᠭᠤᠲᠤ ᠬᠤᠲᠠ ᠪᠣᠳᠠᠲᠤ ᠴᠣᠭᠴᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ ︽ᠭᠤᠷᠪᠠ ᠶᠢ ᠲᠥᠪᠯᠡᠷᠡᠭᠦᠯᠦᠨ᠂ ᠳᠥᠷᠪᠡ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠢᠯᠡᠭᠰᠡᠨ ᠴᠢᠨᠠᠷᠲᠠᠢ ᠪᠣᠳᠠᠲᠤ ᠴᠣᠭᠴᠠ ᠶᠢᠨ ᠶᠡᠭᠡ ᠲᠢᠩᠬᠢᠮ ᠳᠤ ᠲᠥᠪᠯᠡᠷᠡᠭᠦᠯᠵᠦ ᠵᠢᠷᠤᠮᠵᠢᠭᠤᠯᠤᠨ ᠭᠦᠢᠴᠡᠳᠬᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠲᠤᠬᠠᠶᠢᠯᠠᠪᠠᠯ ᠤᠯᠤᠰ ᠤᠨ ᠠᠮᠤᠷ ᠲᠦᠪᠰᠢᠨ᠂ ᠨᠢᠭᠤᠴᠠ ᠳᠤ ᠬᠤᠯᠪᠣᠭᠳᠠᠬᠤ ᠵᠡᠷᠭᠡ ᠵᠦᠢᠯᠡᠰ ᠢ ᠭᠠᠷᠭᠠᠪᠠᠯ ᠵᠠᠰᠠᠭ ᠵᠠᠬᠢᠷᠭᠠᠨ ᠤ ᠡᠷᠬᠡ ᠶᠣᠰᠣᠭᠠᠷ ᠭᠤᠶᠤᠴᠢᠯᠠᠬᠤ ᠵᠦᠢᠯᠡᠰ ᠳᠠᠷᠤᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠪᠤᠰᠤᠳ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠢ ᠪᠠᠭᠲᠠᠭᠠᠭᠰᠠᠨ ᠵᠦᠢᠯᠡᠰ ᠢ ᠪᠦᠬᠦᠨ ᠢ ᠲᠣᠰ ᠱᠠᠲᠤᠨ ᠤ ᠪᠣᠳᠠᠲᠤ ᠴᠣᠭᠴᠠ ᠶᠢᠨ ᠲᠢᠩᠬᠢᠮ ᠳᠤ ᠲᠥᠪᠯᠡᠷᠡᠭᠦᠯᠦᠭᠰᠡᠨ ᠪᠦᠭᠡᠳ ᠭᠦᠢᠴᠡᠳ ᠡᠷᠬᠡ ᠣᠯᠭᠤᠵᠤ᠂ ᠶᠡᠭᠡ ᠲᠢᠩᠬᠢᠮ ᠤᠨ ᠲᠤᠬᠠᠶ ᠶᠢᠨ ᠲᠠᠯᠠᠪᠤᠷ ᠲᠤ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃
     ᠪᠤᠭᠤᠲᠤ ᠬᠤᠲᠠ ᠶᠢᠨ ᠲᠣᠰ ᠱᠠᠲᠤᠨ ᠤ 558 ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠶᠡᠭᠡ ᠲᠢᠩᠬᠢᠮ ᠳᠤ ᠲᠥᠪᠯᠡᠷᠡᠭᠦᠯᠵᠦ᠂ ᠬᠤᠰᠢᠭᠤ ᠰᠢᠶᠠᠨ ᠲᠣᠭᠤᠷᠢᠭ ᠤᠨ ᠵᠦᠢᠯᠡᠰ ᠢ ᠴᠦ ᠶᠡᠭᠡ ᠲᠢᠩᠬᠢᠮ ᠳᠤ ᠲᠥᠪᠯᠡᠷᠡᠭᠦᠯᠬᠦ ᠶᠢ ᠲᠦᠷᠭᠡᠳᠬᠡᠪᠡ᠃ ᠡᠭᠦᠨ ᠠᠴᠠ ᠭᠠᠳᠠᠨ᠎ᠠ᠂ ᠪᠤᠭᠤᠲᠤ ᠬᠤᠲᠠ ᠪᠠᠰᠠ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ ᠪᠠᠶᠢᠨ᠎ᠠ᠃ ᠣᠳᠣᠬᠠᠨ ᠳᠤ᠂ ᠶᠡᠭᠡ ᠲᠢᠩᠬᠢᠮ ᠳᠤ ᠲᠥᠪᠯᠡᠷᠡᠭᠦᠯᠬᠦ ᠤᠴᠢᠷ ᠶᠠᠪᠤᠳᠠᠯ ᠤᠨ ᠬᠡᠷᠡᠭ ᠭᠦᠢᠴᠡᠳᠬᠡᠬᠦ ᠵᠦᠭᠯᠡᠭᠦᠷ ᠢ ᠪᠦᠬᠦ ᠲᠠᠯ᠎ᠠ ᠪᠠᠷ ᠢᠯᠡ ᠪᠣᠯᠭᠠᠨ᠂ ᠬᠡᠷᠡᠭᠵᠢᠭᠦᠯᠬᠦ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠡᠶᠢᠲᠡᠯᠡᠬᠦ ᠠᠭᠤᠯᠭ᠎ᠠ ᠶᠢ ᠵᠥᠪ ᠣᠨᠣᠪᠴᠢᠲᠠᠶ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃ ᠡᠭᠦᠨ ᠤ ᠬᠠᠮᠲᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠥᠪᠯᠡᠯᠭᠡ ᠥᠭᠬᠦ᠂ ᠭᠥᠯᠢᠶᠡᠨ ᠠᠪᠴᠤ ᠭᠦᠢᠴᠡᠳᠬᠡᠬᠦ᠂ ᠠᠦ᠋ᠲ᠋ᠣ᠋ ᠦᠢᠯᠡᠴᠢᠯᠡᠬᠦ ᠵᠡᠷᠭᠡ ᠠᠷᠭ᠎ᠠ ᠵᠠᠮ ᠢ ᠨᠡᠪᠲᠡᠷᠡᠭᠦᠯᠵᠦ᠂ ᠵᠥᠷᠢᠶ᠎ᠡ ᠥᠬᠡᠶ ᠦᠢᠯᠡᠴᠢᠯᠡᠭᠡ ᠬᠠᠩᠭᠠᠵᠤ ᠪᠠᠶᠢᠨ᠎ᠠ᠃
     ᠡᠭᠦᠨ ᠤ ᠬᠠᠮᠲᠤ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠬᠦᠯᠢᠶᠡᠨ ᠠᠪᠴᠤ ᠭᠦᠢᠴᠡᠳᠬᠡᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ 150 ᠭᠠᠷᠤᠶ ᠴᠣᠩᠬᠤᠪᠴᠢ ᠶᠢ 30 ᠪᠣᠯᠭᠠᠨ ᠴᠥᠬᠡᠳᠬᠡᠵᠦ᠂ ᠬᠤᠰᠢᠭᠤ ᠰᠢᠶᠠᠨ ᠲᠣᠭᠤᠷᠢᠭ ᠤᠨ ᠴᠣᠩᠬᠤᠪᠴᠢ ᠶᠢ ᠴᠤ ᠶᠡᠭᠡ ᠪᠠᠷ ᠴᠦᠬᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠥᠷᠢᠶ᠎ᠡ ᠥᠬᠡᠶ ᠭᠥᠯᠢᠶᠡᠨ ᠠᠪᠴᠤ ᠭᠦᠢᠴᠡᠳᠬᠡᠬᠦ ᠦᠢᠯᠡᠴᠢᠯᠡᠭᠡ ᠬᠠᠩᠭᠠᠵᠤ᠂ ᠴᠣᠩᠬᠤᠪᠴᠢ ᠶᠢᠨ ᠦᠢᠯᠡᠴᠢᠯᠡᠭᠡᠨ ᠤ ᠣᠪᠣᠷ ᠨᠢ ᠠᠨᠠᠶ᠂ ᠶᠠᠭᠠᠷᠠᠤ ᠰᠤᠯᠠ ᠨᠢ ᠲᠡᠩᠴᠡᠭᠦᠷᠢᠲᠡᠢ ᠪᠤᠰᠤ᠂ ᠦᠷ᠎ᠡ ᠪᠦᠲᠦᠮᠵᠢ ᠨᠢ ᠳᠣᠤᠷ᠎ᠠ᠂ ᠬᠢᠨᠠᠯᠲᠠ ᠬᠠᠮᠢᠶᠠᠷᠤᠯᠲᠠ ᠳᠤᠲᠠᠮᠠᠭ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠲᠠᠯᠠᠪᠤᠷ ᠭᠠᠵᠠᠷ ᠤᠨ ᠬᠢᠵᠠᠭᠠᠷᠯᠠᠯ ᠠᠴᠠ ᠪᠣᠯᠵᠤ ᠲᠤᠰᠠᠭᠠᠷ ᠲᠣᠬᠢᠷᠠᠭᠤᠯᠤᠭᠰᠠᠨ ᠰᠠᠯᠠᠭ᠎ᠠ ᠮᠥᠴᠢᠷ ᠤᠨ ᠥᠪᠡᠷᠲᠡᠭᠡᠨ ᠪᠠᠶᠢᠭᠤᠯᠤᠭᠰᠠᠨ ᠲᠢᠩᠬᠢᠮ ᠳᠤ ᠨᠢᠭᠡᠳᠦᠯᠲᠡᠶ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠤᠲᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠡᠷᠡᠭ ᠡᠷᠬᠢᠯᠡᠬᠦ ᠴᠣᠩᠬᠤᠪᠴᠢ ᠲᠣᠬᠢᠷᠠᠭᠤᠯᠵᠤ᠂ ᠬᠤᠪᠢᠶᠠᠷᠢ ᠲᠢᠩᠬᠢᠮ ᠲᠠᠢ ᠨᠢᠭᠡᠳᠦᠯᠲᠡᠶ ᠦᠢᠯᠡᠴᠢᠯᠡᠭᠡᠨ ᠤ ᠠᠭᠤᠯᠭ᠎ᠠ ᠬᠠᠩᠭᠠᠨ᠂ ᠬᠤᠪᠢᠶᠠᠷᠢ ᠲᠢᠩᠬᠢᠮ ᠤᠨ ᠵᠦᠢᠯᠡᠰ ᠢ ᠬᠠᠷᠢᠴᠠᠩᠭᠤᠶ ᠪᠠᠷ ᠲᠥᠪᠯᠡᠷᠡᠭᠦᠯᠦᠭᠰᠡᠨ ᠮᠥᠷᠲᠡᠭᠡᠨ ᠪᠠᠰᠠ ᠤᠯᠠᠨ ᠭᠠᠵᠠᠷ ᠲᠤ ᠭᠦᠢᠴᠡᠳᠬᠡᠵᠦ ᠪᠣᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠤᠢᠢᠷ᠎ᠠ ᠬᠠᠪᠢ ᠳᠤ ᠪᠠᠨ ᠭᠦᠢᠴᠡᠳᠬᠡᠵᠦ ᠳᠡᠶᠢᠯᠬᠦ᠂ ᠳᠤᠲᠠᠭᠤ ᠭᠦᠶᠦᠬᠦ ᠲᠦᠷᠭᠡᠨ ᠭᠦᠢᠴᠡᠳᠬᠡᠬᠦ ᠳᠤ ᠲᠦᠬᠦᠮ ᠦᠵᠡᠭᠦᠯᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ