︽ᠰᠢᠪᠲᠤᠯᠤᠯᠲᠠ ᠶᠢᠨ ᠬᠦᠴᠦᠨ ᠴᠢᠳᠠᠯ — 2017— 2020 ᠣᠨ ᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠬᠦᠷᠲᠡᠭᠰᠡᠨ ᠥᠪᠥᠷ ᠮᠣᠩᠭᠤᠯᠴᠤᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠨᠡᠶᠢᠲᠡᠯᠡᠬᠦ ᠣᠨᠴᠠᠭᠠᠢ ᠫᠷᠤᠭ᠍ᠷᠠᠮ︾ ᠢ ᠰᠢᠩᠭᠡᠭᠡᠨ ᠦᠢᠯᠡᠳᠴᠦ ᠳᠠᠭᠤᠰᠪᠠ  ᠯᠢᠨ ᠱᠣᠤ ᠴᠦᠨ ᠪᠠᠶ ᠢᠦᠶ ᠭᠠᠩ ᠵᠠᠩ ᠱᠣᠤ ᠴᠦᠨ ᠰᠢᠩᠭᠡᠭᠡᠨ ᠦᠢᠯᠡᠳᠬᠦ ᠲᠣᠬᠠᠢ ᠶᠢᠨ ᠲᠠᠯᠠᠪᠠᠢ ᠳᠤ ᠬᠦᠷᠴᠦ ᠦᠵᠡᠪᠡ
ᠨᠡᠶᠢᠲᠡᠯᠡᠭᠰᠡᠨ ᠴᠠᠭ᠄
2020/10/14
     10 ᠳ᠋ᠤᠭᠠᠷ ᠰᠠᠷ᠎ᠠ ᠶᠢᠨ 12 ᠤᠨ ᠡᠳᠦᠷ᠂ ︽ᠰᠢᠪᠲᠤᠯᠤᠯᠲᠠ ᠶᠢᠨ ᠬᠦᠴᠦᠨ ᠴᠢᠳᠠᠯ — 2017— 2020 ᠣᠨ ᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠬᠦᠷᠲᠡᠭᠰᠡᠨ ᠥᠪᠥᠷ ᠮᠣᠩᠭᠤᠯᠴᠤᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠨᠡᠶᠢᠲᠡᠯᠡᠬᠦ ᠣᠨᠴᠠᠭᠠᠢ ᠫᠷᠤᠭ᠍ᠷᠠᠮ︾ ᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠨᠡᠪᠲᠡᠷᠡᠭᠦᠯᠭᠡ ᠶᠢᠨ ᠲᠢᠩᠬᠢᠮ ᠳᠤ ᠰᠢᠩᠭᠡᠭᠡᠨ ᠦᠢᠯᠡᠳᠴᠦ ᠳᠠᠭᠤᠰᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠬᠤᠷᠢᠶᠠᠨ ᠤ ᠱᠦᠵᠢ ᠯᠢᠨ ᠱᠣᠤ ᠴᠦᠨ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠢᠦᠶ ᠭᠠᠩ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠰᠢᠩᠭᠡᠭᠡᠨ ᠦᠢᠯᠡᠳᠬᠦ ᠲᠣᠬᠠᠢ ᠶᠢᠨ ᠲᠠᠯᠠᠪᠠᠢ ᠳᠤ ᠬᠦᠷᠴᠦ ᠦᠵᠡᠪᠡ᠃      ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷ᠎ᠡ ᠳᠤᠷᠠᠳᠤᠭᠰᠠᠨ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠰᠠᠶᠢᠲᠤᠷ ᠶᠠᠷᠢᠬᠤ ᠬᠡᠷᠡᠭᠲᠡᠶ︾ ᠭᠡᠰᠡᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳ᠋ᠦᠩᠨᠡᠯᠲᠡ ᠤᠬᠠᠭᠤᠯᠭ᠎ᠠ ᠶᠢᠨ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠲᠣᠰ ᠤᠳᠠᠭᠠᠨ ᠤ ︽ᠣᠨᠴᠠᠭᠠᠢ ᠫᠷᠤᠭ᠍ᠷᠠᠮ︾ ᠢ ᠰᠢᠩᠭᠡᠭᠡᠨ ᠦᠢᠯᠡᠳᠬᠦ ᠠᠵᠢᠯ ᠢ ᠵᠣᠬᠢᠶᠠᠨ ᠪᠠᠶᠢᠭᠤᠯᠵᠤ᠂ 2017— 2020 ᠣᠨ ᠪᠣᠯᠲᠠᠯᠠᠬᠢ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠢ ᠢᠷᠠᠭᠤ ᠠᠯᠳᠠᠷᠲᠠᠶ ᠪᠠᠷ ᠭᠥᠷᠳᠡᠭᠰᠡᠨ ᠥᠪᠥᠷ ᠮᠣᠩᠭᠤᠯ ᠤᠨ 15 ᠬᠤᠪᠢ ᠬᠥᠮᠦᠨ ᠪᠠ ᠬᠠᠮᠲᠤ ᠨᠡᠶᠢᠲᠡ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠲᠥᠪᠯᠡᠷᠡᠭᠦᠯᠦᠨ ᠨᠡᠶᠢᠲᠡᠯᠡᠵᠦ᠂ ᠮᠠᠨ ᠤ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠠᠮ ᠨᠢᠭᠡ ᠠᠯᠬᠤᠮ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠤᠯᠬᠤ ᠶᠢ ᠵᠣᠷᠢᠭᠵᠢᠭᠤᠯᠪᠠ᠃      ᠰᠢᠩᠭᠡᠭᠡᠨ ᠦᠢᠯᠡᠳᠬᠦ ᠲᠤᠬᠠᠶ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ︽2017— 2020 ᠣᠨ ᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠳᠤ  ᠱᠠᠩᠨᠠᠯ ᠬᠦᠷᠲᠡᠭᠰᠡᠨ ᠥᠪᠥᠷ ᠮᠣᠩᠭᠤᠯᠴᠤᠳ ᠠᠴᠠ ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠪᠠ᠃ ᠲᠤᠬᠠᠶ ᠶᠢᠨ ᠲᠠᠯᠠᠪᠠᠶ ᠳᠤ ᠪᠠᠰᠠ ᠱᠠᠩᠨᠠᠯ ᠬᠦᠷᠲᠡᠭᠰᠡᠨ ᠬᠡᠰᠡᠭ ᠲᠥᠯᠥᠭᠡᠯᠡᠭᠴᠢᠳ ᠤᠨ ᠲᠡᠷᠢᠭᠦᠨ ᠤ ᠦᠢᠯᠡ ᠠᠵᠢᠯᠯᠠᠭ᠎ᠠ ᠪᠣᠯᠤᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠠᠶ᠃ ᠡᠭᠦᠨ ᠳᠤ᠂ ︽ᠡᠷᠡᠯᠬᠡᠭᠯᠡᠨ ᠲᠡᠮᠡᠴᠡᠭᠰᠡᠨ ᠱᠠᠩᠨᠠᠯ︾ ᠬᠦᠷᠲᠡᠭᠴᠢ 4 ᠬᠥᠮᠥᠨ᠂ ︽ᠬᠤᠪᠢ ᠨᠡᠮᠡᠷᠢ ᠦᠵᠡᠭᠦᠯᠦᠭᠰᠡᠨ ᠱᠠᠩᠨᠠᠯ︾ ᠬᠦᠷᠲᠡᠭᠴᠢ 3 ᠬᠥᠮᠥᠨ᠂ ︽ᠬᠤᠪᠢ ᠨᠡᠮᠡᠷᠢ ᠬᠠᠨᠳᠢᠪᠯᠠᠭᠰᠠᠨ ᠱᠠᠩᠨᠠᠯ︾ ᠬᠦᠷᠲᠡᠭᠴᠢ 2 ᠬᠥᠮᠥᠨ᠂ ︽ᠰᠢᠨ᠎ᠡ ᠶᠢ ᠡᠭᠦᠳᠦᠭᠰᠡᠨ ᠱᠠᠩᠨᠠᠯ︾ ᠬᠦᠷᠲᠡᠭᠴᠢ 2 ᠬᠥᠮᠥᠨ᠂ ︽ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ︾ ᠬᠦᠷᠲᠡᠭᠰᠡᠨ 4 ᠬᠠᠮᠲᠤ ᠨᠡᠶᠢᠲᠡ ᠶᠢᠨ ᠲᠥᠯᠥᠭᠡᠯᠡᠭᠴᠢ ᠶᠢ ᠲᠤᠰᠬᠠᠶ ᠰᠤᠷᠪᠤᠯᠵᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号