ᠠᠷᠪᠠᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠮᠠᠨ ᠤ ᠣᠷᠣᠨ ᠤ ᠵᠢᠵᠢᠭᠯᠡᠨ ᠬᠤᠳᠠᠯᠳᠤᠬᠤ 441 ᠠᠵᠤ ᠠᠬᠤᠶᠢᠯᠠᠯ ᠤᠨ ᠪᠣᠷᠣᠯᠠᠭᠤᠯᠤᠯᠲᠠ 10 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2020/10/15
     ᠡᠨᠡ ᠵᠢᠯ ᠤᠨ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠨᠢ ᠶᠠᠭ ᠰᠠᠶᠢᠬᠠᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠲᠠᠢ ᠲᠣᠬᠢᠶᠠᠯᠳᠤᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠤᠯᠠᠮ ᠥᠳᠬᠡᠨ ᠪᠣᠯᠪᠠ᠃ ᠮᠠᠨ ᠤ ᠣᠷᠣᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ︽ᠲᠠᠸᠠᠷ ᠤᠨ ᠬᠠᠩᠭᠠᠯᠭ᠎ᠠ ᠭᠦᠢᠴᠡᠳ᠂ ᠪᠣᠷᠣᠯᠠᠭᠤᠯᠭ᠎ᠠ ᠶᠢ ᠠᠬᠢᠭᠤᠯᠬᠤ ᠬᠡᠯᠪᠡᠷᠢ ᠮᠠᠶ᠋ᠢᠭ ᠨᠢ ᠣᠯᠠᠨ ᠶᠠᠩᠵᠤ ᠂ ᠬᠡᠷᠡᠭᠯᠡᠭᠡᠨ ᠤ ᠬᠠᠯᠠᠮᠰᠢᠯ ᠨᠢ ᠲᠣᠪᠤᠶᠢᠮ᠎ᠠ᠂ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ︾ ᠪᠠᠶᠢᠬᠤ ᠰᠠᠶᠢᠨ ᠰᠠᠶᠢᠬᠠᠨ ᠪᠠᠶᠢᠳᠠᠯ ᠢᠯᠡᠷᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠰᠢᠰᠲ᠋ᠧᠮ ︵2020 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ 10 ᠳ᠋ᠤᠭᠠᠷ ᠰᠠᠷ᠎ᠠ ᠶᠢᠨ 8᠎ ᠤ ᠡᠳᠦᠷ ᠪᠣᠯᠲᠠᠯ᠎ᠠ︶᠎ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠄ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠵᠢᠵᠢᠭᠯᠡᠨ ᠬᠤᠳᠠᠯᠳᠤᠬᠤ  441 ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 100335.27 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.77% ᠨᠡᠮᠡᠭᠳᠡᠪᠡ᠃
     ᠬᠢᠨᠠᠨ ᠬᠡᠮᠵᠢᠯᠲᠡ ᠶᠢ ᠦᠨᠳᠦᠰᠦᠯᠡᠪᠡᠯ᠂ ᠠᠷᠪᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠳᠤᠮᠳᠠᠴᠢ ᠦᠨ᠎ᠡ ᠬᠠᠩᠰᠢ ᠶᠢ ᠠᠮᠠᠷᠠᠯᠲᠠ ᠠᠴᠠ ᠡᠮᠦᠨᠡᠬᠢ ᠲᠠᠢ ᠬᠠᠷᠢᠴᠠᠭᠤᠯᠪᠠᠯ᠂ ᠠᠮᠤ ᠲᠣᠰᠣ᠂ ᠮᠢᠬ᠎ᠠ ᠶᠢᠨ ᠵᠦᠢᠯ᠂ ᠰᠦ ᠶᠢᠨ ᠵᠦᠢᠯ ᠤᠨ ᠵᠢᠵᠢᠭᠯᠡᠨ ᠬᠤᠳᠠᠯᠳᠤᠬᠤ ᠦᠨ᠎ᠡ ᠲᠣᠭᠲᠠᠭᠤᠨ ᠢᠶᠠᠷ ᠪᠠᠭᠤᠷᠠᠵᠤ᠂ ᠵᠢᠭᠦᠷᠲᠡᠨ ᠤ ᠲᠥᠷᠥᠯ᠂ ᠲᠠᠬᠢᠶᠠᠨ ᠥᠨᠳᠡᠭᠡ᠂ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠭᠠᠬᠠᠨ ᠥᠰᠴᠦ᠂ ᠢᠳᠡᠰᠢᠨ ᠳᠠᠪᠤᠰᠤ᠂ ᠰᠢᠬᠢᠷ ᠤᠨ ᠦᠨ᠎ᠡ ᠦᠨᠳᠦᠰᠦᠨ ᠳᠤ ᠪᠠᠨ ᠲᠣᠭᠲᠠᠭᠤᠨ ᠪᠣᠯᠪᠠ᠃ ᠬᠢᠨᠠᠨ ᠬᠡᠮᠵᠢᠭᠰᠡᠨ 30 ᠲᠥᠷᠥᠯ ᠢᠳᠡᠰᠢᠨ ᠨᠣᠭᠤᠭ᠎ᠠ ᠶᠢᠨ ᠳᠣᠲᠣᠷ᠎ᠠ᠂ 11᠎ ᠨᠢ ᠪᠠᠭᠤᠷᠠᠵᠤ᠂ 19᠎ ᠨᠢ ᠥᠰᠴᠡᠶ︔ ᠬᠢᠨᠠᠨ ᠬᠡᠮᠵᠢᠭᠰᠡᠨ 11 ᠲᠥᠷᠥᠯ ᠵᠢᠮᠢᠰ ᠤᠨ ᠳᠣᠲᠣᠷ᠎ᠠ 5᠎ ᠨᠢ ᠪᠠᠭᠤᠷᠠᠵᠤ᠂ 6᠎ ᠨᠢ ᠥᠰᠴᠡᠶ᠃ ᠪᠦᠬᠦ ᠣᠷᠣᠨ ᠤ ᠭᠤᠤᠯ ᠪᠣᠯᠬᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠠᠷᠠᠯᠲᠠ ᠶᠢᠨ ᠡᠳᠦᠷ ᠤᠨ ᠠᠮᠢᠳᠤᠷᠠᠯ ᠤᠨ ᠬᠡᠷᠡᠭᠯᠡᠭᠡᠨ ᠳᠤ ᠬᠢᠮᠳᠠ ᠠᠰᠢᠭ ᠬᠦᠷᠲᠡᠭᠡᠪᠡ᠃
     ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠠᠶᠢᠮᠠᠭ ᠬᠤᠲᠠ ᠪᠦᠷ ᠪᠠᠶᠠᠷ ᠤᠨ ᠡᠳᠦᠷ ᠤᠨ ᠳᠣᠬᠢᠶᠠᠯ ᠢ ᠵᠠᠪᠳᠤᠨ᠂ ᠡᠯ᠎ᠡ ᠲᠥᠷᠥᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠡᠷᠬᠢᠯᠡᠵᠦ᠂ ᠬᠥᠬᠡᠬᠤᠲᠠ ᠬᠤᠷᠢᠨ ᠨᠢᠭᠡᠳᠦᠭᠡᠷ ᠬᠤᠭᠤᠴᠠᠭᠠᠨ ᠤ ᠵᠤᠤ ᠵᠢᠶᠦ᠋ᠨ ᠰᠣᠶᠣᠯ ᠤᠨ ᠨᠠᠶᠢᠷ᠂ ᠲᠥᠪ ᠬᠤᠲᠠ ᠶᠢᠨ ᠬᠡᠷᠡᠭᠯᠡᠭᠡᠨ ᠤ ᠤᠯᠠᠷᠢᠯ ᠢ ᠡᠷᠬᠢᠯᠡᠪᠡ︔ ᠣᠷᠳᠣᠰ ᠬᠤᠲᠠ ᠬᠤᠳᠠᠯᠳᠤᠭᠠᠨ ᠤ ᠲᠠᠯᠠᠪᠤᠷ ᠴᠢᠯᠦᠭᠡᠲᠦ ᠳᠡᠯᠭᠡᠭᠦᠷ ᠤᠨ ᠶᠡᠭᠡ ᠪᠣᠷᠣᠯᠠᠭᠤᠯᠭ᠎ᠠ᠂ ᠲᠠᠯ᠎ᠠ ᠨᠤᠲᠤᠭ ᠤᠨ ᠨᠠᠭᠠᠳᠤᠮ ᠤᠨ ᠬᠤᠷᠠᠯ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠡᠷᠭᠢᠯᠡᠪᠡ︔ ᠰᠢᠯᠢ ᠶᠢᠨ ᠭᠤᠣᠯ ᠠᠶᠢᠮᠠᠭ ᠠᠮᠲᠠᠲᠤ ᠢᠳᠡᠭᠡᠨ ᠤ ᠰᠣᠶᠣᠯ ᠤᠨ ᠨᠠᠶᠢᠷ ᠡᠷᠬᠢᠯᠡᠪᠡ ᠁ ᠡᠭᠦᠨ ᠳᠤ ᠬᠥᠬᠡᠬᠤᠲᠠ ᠶᠢᠨ ᠪᠣᠷᠣᠯᠠᠭᠤᠯᠭ᠎ᠠ ᠶᠢᠨ ᠣᠷᠣᠯᠭ᠎ᠠ 10744.43 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38% ᠨᠡᠮᠡᠭᠳᠡᠪᠡ︔ ᠣᠷᠳᠣᠰ ᠬᠤᠲᠠ ᠶᠢᠨ ᠪᠣᠷᠣᠯᠠᠭᠤᠯᠭ᠎ᠠ ᠶᠢᠨ ᠣᠷᠣᠯᠭ᠎ᠠ 6977.94 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.61% ᠨᠡᠮᠡᠭᠳᠡᠪᠡ︔ ᠤᠯᠠᠭᠠᠨᠬᠠᠳᠠ ᠬᠤᠲᠠ ᠶᠢᠨ ᠪᠣᠷᠣᠯᠠᠭᠤᠯᠭ᠎ᠠ ᠶᠢᠨ ᠣᠷᠣᠯᠭ᠎ᠠ 22426.01 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.53% ᠨᠡᠮᠡᠭᠳᠡᠪᠡ᠃
    ᠡᠨᠡ ᠵᠢᠯ ᠤᠨ ᠠᠷᠪᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠠᠯᠠᠮᠰᠢᠯ ᠨᠢ ᠭᠤᠤᠯᠳᠠᠭᠤ ᠳᠣᠣᠷᠠᠬᠢ ᠳᠥᠷᠪᠡᠨ ᠲᠠᠯ᠎ᠠ ᠳᠤ ᠲᠦᠪᠯᠡᠷᠡᠵᠡᠢ᠄ ᠨᠢᠭᠡ ᠳᠤ ᠢᠳᠡᠬᠦ ᠡᠮᠦᠰᠬᠦ ᠬᠡᠷᠡᠭᠯᠡᠬᠦ ᠵᠡᠷᠭᠡ ᠦᠨᠳᠦᠰᠦᠨ ᠠᠮᠢᠳᠤᠷᠠᠯ ᠤᠨ ᠬᠡᠷᠡᠭᠰᠡᠯ ᠤᠨ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ᠃ ᠠᠮᠠᠷᠠᠯᠲᠠ ᠶᠢᠨ ᠬᠤᠭᠤᠴᠠᠭᠠᠨ ᠳᠤ᠂ ᠢᠳᠡᠭᠡᠨ ᠤ ᠪᠣᠷᠣᠯᠠᠭᠤᠯᠭ᠎ᠠ ᠶᠢᠨ ᠶᠡᠷᠦᠩᠬᠡᠶ ᠬᠡᠮᠵᠢᠶ᠎ᠡ ᠨᠢ 23268.77 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.99% ᠨᠡᠮᠡᠭᠳᠡᠪᠡ︔ ᠤᠮᠳᠠᠭᠠᠨ ᠤ ᠪᠣᠷᠣᠯᠠᠭᠤᠯᠭ᠎ᠠ ᠨᠢ 1635.65 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.67% ᠨᠡᠮᠡᠭᠳᠡᠪᠡ︔ ᠠᠷᠢᠬᠢ ᠲᠠᠮᠠᠬᠢᠨ ᠤ ᠪᠣᠷᠣᠯᠠᠭᠤᠯᠭ᠎ᠠ ᠨᠢ 1936.28 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.26% ᠨᠡᠮᠡᠭᠳᠡᠪᠡ᠃ ᠬᠤᠶᠠᠷ ᠲᠤ ᠮᠠᠰᠢᠨ ᠲᠡᠷᠭᠡᠨ ᠤ ᠠᠵᠤ ᠠᠬᠤᠶᠢᠯᠠᠯ ᠎ ᠨᠢ ᠬᠤᠣᠰ ᠠᠮᠠᠷᠠᠯᠲᠠ ᠶᠢᠨ ᠬᠡᠷᠡᠭᠯᠡᠭᠡᠨ ᠤ ᠭᠦᠭ ᠤᠯᠠᠷᠢᠯ ᠳᠤ ᠲᠦᠰᠢᠭᠯᠡᠨ᠂ ᠡᠯ᠎ᠡ ᠲᠥᠷᠥᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠠᠷᠪᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠪᠣᠷᠣᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠨᠡᠶᠢᠲᠡ 9398.75 ᠲᠦᠮᠡᠨ ᠲᠥᠭᠦᠷᠢᠭ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠪᠡ᠃ ᠭᠤᠷᠪᠠ ᠳᠤ ᠬᠤᠷᠢᠮ ᠨᠠᠶᠢᠷ ᠭᠡᠷ ᠤᠨ ᠨᠠᠶᠢᠷ ᠵᠡᠷᠭᠡ ᠠᠷᠠᠳ ᠣᠯᠠᠨ ᠤ ᠬᠡᠷᠡᠭᠯᠡᠭᠡ ᠨᠢ ᠢᠳᠡᠭᠡᠨ ᠤᠮᠳᠠᠭᠠᠨ ᠤ ᠬᠡᠷᠡᠭᠯᠡᠭᠡᠨ ᠤ ᠬᠠᠯᠠᠮᠰᠢᠯ ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠬᠤ ᠶᠢ ᠳᠠᠭᠠᠯᠳᠤᠨ᠂ ᠮᠠᠰᠢ ᠤᠯᠠᠨ ᠰᠢᠨ᠎ᠡ ᠬᠥᠮᠦᠰ ᠠᠷᠪᠠᠨ ᠰᠠᠷ᠎ᠠ ᠶᠢᠨ ᠠᠮᠠᠷᠠᠯᠲᠠ ᠳᠤ ᠨᠠᠰᠤᠨ ᠲᠤᠷᠰᠢᠳᠠ ᠶᠢᠨ ᠶᠡᠭᠡ ᠶᠠᠪᠤᠳᠠᠯ ᠢᠶᠠᠨ ᠪᠡᠶᠡᠯᠡᠭᠦᠯᠵᠦ᠂ ᠳᠡᠭᠡᠷ᠎ᠡ ᠬᠠᠭᠠᠰ ᠵᠢᠯ ᠳᠤ ︽ᠲᠠᠰᠤᠳᠠᠬᠤ ᠮᠠᠶ᠋ᠢᠭ︾᠎ ᠤᠨ ᠴᠣᠬᠢᠯᠲᠠ ᠳᠤ ᠤᠴᠠᠷᠠᠭᠰᠠᠨ ᠬᠤᠷᠢᠮ ᠨᠠᠶᠢᠷ ᠤᠨ ᠵᠠᠬ᠎ᠠ ᠳᠡᠯᠭᠡᠭᠦᠷ ︽ᠣᠨᠳᠣᠷᠠᠮᠠᠯ ᠪᠤᠯᠠᠭ︾ ᠰᠢᠭ ᠪᠣᠯᠪᠠ᠃ ᠬᠢᠨᠠᠨ ᠬᠡᠮᠵᠢᠯᠲᠡ ᠶᠢ ᠦᠨᠳᠦᠰᠦᠯᠡᠪᠡᠯ᠂ ᠠᠷᠪᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠢᠳᠡᠭᠡᠨ ᠤᠮᠳᠠᠭᠠᠨ ᠤ 137 ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 4079.48 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.74% ᠨᠡᠮᠡᠭᠳᠡᠪᠡ᠃ ᠳᠥᠷᠪᠡ ᠳᠤ ᠵᠢᠭᠤᠯᠴᠢᠯᠠᠯ ᠤᠨ ᠠᠷᠭ᠎ᠠ ᠮᠠᠶ᠋ᠢᠭ ᠣᠯᠠᠨ ᠡᠰᠢᠵᠢᠵᠦ᠂ ᠣᠶᠢᠷ᠎ᠠ ᠣᠷᠴᠢᠮ ᠵᠢᠭᠤᠯᠴᠢᠯᠠᠬᠤ᠂ ᠦᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠪᠠ ᠪᠥᠬᠦ ᠭᠡᠷ ᠢᠶᠠᠷ ᠢᠶᠠᠨ ᠵᠢᠭᠤᠯᠴᠢᠯᠠᠬᠤ ᠠᠵᠢᠯᠯᠠᠭ᠎ᠠ ᠦᠷᠭᠦᠯᠵᠢᠯᠡᠨ ᠬᠠᠯᠠᠮᠰᠢᠯ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号