2020 ᠣᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠭᠠᠷᠠᠭ ᠤᠨ ᠠᠵᠢᠯᠯᠠᠭ᠎ᠠ ᠶᠢᠨ ᠥᠪᠦᠷ ᠮᠤᠩᠭᠤᠯ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠡᠬᠢᠯᠡᠪᠡ  ᠪᠦ᠋ ᠰᠢᠶᠤᠤ ᠯᠢᠨ ᠡᠬᠢᠯᠡᠯᠳᠠ ᠶᠢᠨ ᠶᠤᠰᠤᠯᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/10/16
     10 ᠰᠠᠷ᠎ᠠ ᠶᠢᠨ 15 ᠤ ᠡᠳᠦᠷ᠂ 2020 ᠣᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠭᠠᠷᠠᠭ ᠤᠨ ᠠᠵᠢᠯᠯᠠᠭ᠎ᠠ ᠶᠢᠨ ᠥᠪᠦᠷ ᠮᠤᠩᠭᠤᠯ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠶᠢᠨ ᠡᠬᠢᠯᠡᠯᠳᠠ ᠶᠢᠨ ᠶᠤᠰᠤᠯᠠᠯ ᠤᠯᠠᠭᠠᠨᠬᠠᠳᠠ ᠬᠤᠳᠠ ᠳᠤ ᠶᠠᠪᠤᠭᠳᠠᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠬᠢᠯᠡᠯᠳᠠ ᠶᠢᠨ ᠶᠤᠰᠤᠯᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠪᠠ᠃
     ᠪᠦ᠋ ᠰᠢᠶᠤᠤ ᠯᠢᠨ᠂ ᠤᠳᠤᠬᠠᠨ ᠳᠤ ᠮᠠᠨ ᠤ ᠤᠷᠤᠨ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠬᠦᠯ ᠬᠤᠷᠢᠶᠠᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠰᠠᠶᠢᠳᠤᠷ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠨᠠᠶᠢᠳᠠᠪᠤᠷᠢᠵᠢᠭᠤᠯᠬᠤ᠂ ᠠᠵᠤ ᠠᠬᠤᠢ ᠨᠡᠶᠢᠭᠡᠮ ᠤᠨ ᠬᠦᠭᠵᠢᠯᠳᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠳᠠᠢ ᠲᠦᠯᠦᠪᠵᠢᠬᠦᠯᠬᠦ ᠡᠬᠦᠷᠭᠡ ᠮᠠᠰᠢ ᠪᠡᠷᠭᠡ ᠬᠠᠳᠠᠭᠤᠵᠢᠯᠳᠠᠢ ᠪᠠᠶᠢᠨ᠎ᠠ᠂ ︽ᠦᠢᠯᠡᠰ ᠪᠤᠰᠬᠠᠵᠦ ᠰᠢᠨ᠎ᠠ ᠶᠢ ᠡᠬᠦᠳᠬᠦ︾ ᠠᠵᠢᠯᠯᠠᠭ᠎ᠠ ᠶᠢ ᠰᠠᠶᠢᠳᠤᠷ ᠦᠷᠨᠢᠬᠦᠯᠬᠦ ᠨᠢ ᠤᠨᠴᠠᠭᠠᠢ ᠴᠢᠬᠤᠯᠠ ᠠᠴᠢ ᠬᠤᠯᠪᠤᠭᠳᠠᠯ ᠲᠠᠢ ᠶᠤᠮ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ︽ᠰᠢᠨ᠎ᠠ ᠶᠢ ᠡᠬᠦᠳᠬᠦ ᠪᠠᠷ ᠦᠢᠯᠡᠰ ᠪᠤᠰᠬᠠᠬᠤ ᠶᠢ ᠬᠦᠳᠦᠯᠦᠨ ᠳᠠᠭᠠᠭᠤᠯᠵᠦ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠬᠤ︾ ᠠᠵᠢᠯᠯᠠᠭ᠎ᠠ ᠶᠢᠨ ᠭᠤᠤᠯ ᠰᠡᠳᠦᠪ ᠤᠨ ᠲᠤᠭᠤᠷᠢᠨ ᠳᠤ᠂ ᠠᠵᠢᠯ ᠤᠯᠭᠤᠯᠳᠠ ᠶᠢ ᠲᠡᠷᠢᠬᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠬᠦᠰᠦᠭᠰᠡᠳ᠂ ᠨᠤᠳᠤᠭ ᠲᠠᠭᠠᠨ ᠪᠤᠴᠠᠭᠰᠠᠨ ᠬᠦᠯᠦᠰᠦᠨ ᠲᠠᠷᠢᠶᠠᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠦᠢᠯᠡᠰ ᠪᠤᠰᠬᠠᠵᠦ ᠠᠵᠢᠯ ᠤᠯᠬᠤ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠠᠵᠢᠯ ᠤᠯᠭᠤᠯᠳᠠ ᠶᠢᠨ ᠭᠡᠷᠡᠭᠴᠡᠭᠡ ᠲᠠᠢ ᠵᠤᠯᠭᠠᠭᠤᠯᠵᠦ᠂ ᠠᠵᠢᠯ ᠤᠨ ᠪᠠᠶᠢᠷᠢ ᠡᠬᠦᠳᠴᠦ᠂ ᠠᠷᠠᠳ ᠤᠨ ᠠᠮᠢᠳᠤᠷᠠᠯ ᠢ ᠪᠠᠳᠤᠯᠠᠬᠤ ᠳᠤ ᠰᠠᠭᠤᠷᠢ ᠶᠢ ᠪᠠᠬᠢᠵᠢᠬᠦᠯᠬᠦ ᠭᠡᠷᠡᠭᠲᠡᠢ᠃ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠠᠷ ᠳᠠᠮᠵᠢᠭᠤᠯᠵᠦ᠂ ᠦᠢᠯᠡᠰ ᠪᠤᠰᠬᠠᠵᠦ ᠰᠢᠨ᠎ᠠ ᠶᠢ ᠡᠬᠦᠳᠬᠦ ᠲᠦᠷᠦ ᠶᠢᠨ ᠪᠤᠳᠤᠯᠭ᠎ᠠ ᠶᠢ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠦᠷᠭᠡᠨ ᠤᠯᠠᠨ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠢᠳᠡᠪᠬᠢᠵᠢᠯ ᠪᠠ ᠨᠡᠶᠢᠭᠡᠮ ᠤᠨ ᠡᠬᠦᠳᠦᠨ ᠪᠦᠳᠦᠭᠡᠬᠦ ᠠᠮᠢᠵᠢᠷᠠᠯ  ᠤᠨ ᠬᠦᠴᠦ ᠶᠢ ᠤᠯᠠᠮ ᠴᠢᠨᠠᠬᠰᠢᠳᠠ ᠲᠠᠶᠢᠴᠢᠯᠠᠵᠦ᠂ ᠦᠢᠯᠡᠰ ᠪᠤᠰᠬᠠᠵᠦ ᠰᠢᠨ᠎ᠠ ᠶᠢ ᠡᠬᠦᠳᠦᠭᠴᠢᠳ ᠨᠢᠭᠡᠪᠦᠷᠢ ᠶᠢᠨ ᠨᠦᠭᠡᠴᠠ ᠴᠢᠳᠠᠪᠤᠷᠢ ᠶᠢ ᠨᠡᠩ ᠶᠡᠭᠡ ᠬᠡᠮᠵᠢᠶ᠎ᠡ ᠪᠠᠷ ᠬᠦᠭᠵᠢᠭᠡᠨ᠂ ᠵᠤᠷᠢᠬᠳᠠᠢ ᠦᠢᠯᠡᠰ ᠪᠤᠰᠬᠠᠬᠤ᠂ ᠦᠢᠯᠡᠰ ᠪᠤᠰᠬᠠᠵᠦ ᠴᠢᠳᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠂ ᠦᠪᠡᠷᠲᠡᠭᠡᠨ ᠵᠠᠰᠠᠬᠤ ᠤᠷᠤᠨ ᠤ ᠴᠢᠨᠠᠷ ᠰᠠᠶᠢᠳᠠᠢ ᠬᠦᠭᠵᠢᠯᠳᠠ ᠳᠤ ᠨᠡᠩ ᠤᠯᠠᠨ ᠠᠮᠢᠵᠢᠷᠠᠯ ᠤᠨ ᠬᠦᠴᠦ ᠪᠠ ᠬᠦᠳᠡᠯᠭᠡᠬᠦ ᠬᠦᠴᠦ ᠨᠡᠮᠡᠷᠢᠯᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠬᠠᠳᠠ ᠬᠤᠳᠠ ᠶᠢᠨ ᠵᠠᠰᠠᠭ ᠤᠨ ᠤᠷᠳᠤᠨ ᠤ ᠬᠠᠷᠢᠭᠤᠴᠠᠯᠭᠠᠳᠠᠨ ᠨᠦᠬᠦᠳ ᠬᠢᠭᠡᠳ ᠦᠢᠯᠡᠰ ᠪᠤᠰᠬᠠᠵᠦ ᠰᠢᠨ᠎ᠠ ᠶᠢ ᠡᠬᠦᠳᠬᠦ ᠠᠵᠤ ᠠᠬᠤᠢᠢᠯᠠᠯ᠂ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ᠂ ᠦᠢᠯᠡᠰ ᠪᠤᠰᠬᠠᠬᠤ ᠰᠤᠷᠤᠬᠴᠢ᠂ ᠨᠤᠳᠤᠭ ᠲᠠᠭᠠᠨ ᠪᠤᠴᠠᠭᠰᠠᠨ ᠬᠦᠯᠦᠰᠦᠨ ᠲᠠᠷᠢᠶᠠᠴᠢᠨ ᠤ ᠲᠦᠯᠦᠭᠡᠯᠡᠭᠴᠢ ᠲᠤᠰ ᠲᠤᠰ ᠦᠭᠡ ᠭᠡᠯᠡᠪᠡ᠃ ᠤᠢᠢᠯᠠᠭᠠᠭᠰᠠᠨ ᠢᠶᠠᠷ᠂ 2020 ᠣᠨ  ᠤ ︽ᠦᠢᠯᠡᠰ ᠪᠤᠰᠬᠠᠵᠦ ᠰᠢᠨ᠎ᠠ ᠶᠢ ᠡᠬᠦᠳᠬᠦ︾ ᠭᠠᠷᠠᠭ ᠤᠨ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠤᠷᠤᠨ ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠤᠨ ᠲᠤᠭᠤᠷᠢᠨ ᠳᠤ᠂ ᠦᠪᠡᠷᠲᠡᠭᠡᠨ ᠵᠠᠰᠠᠬᠤ ᠤᠷᠤᠨ ᠤ ︽ᠦᠢᠯᠡᠰ ᠪᠤᠰᠬᠠᠵᠦ ᠰᠢᠨ᠎ᠠ ᠶᠢ ᠡᠬᠦᠳᠬᠦ︾ ᠦᠷ᠎ᠠ ᠪᠦᠳᠦᠭᠡᠯ ᠤᠨ ᠦᠵᠡᠬᠦᠯᠭᠡ᠂ ᠬᠤᠷᠠᠯ ᠶᠠᠷᠢᠶᠠᠨ ᠤ ᠲᠠᠪᠴᠠᠩ᠂ ᠤᠯᠠᠨ ᠲᠦᠮᠡᠨ ᠤ ᠤᠷᠤᠯᠳᠤᠭᠠᠨ᠂ ᠲᠤᠰᠬᠠᠢ ᠮᠡᠷᠭᠡᠵᠢᠯ ᠤᠨ ᠦᠢᠯᠡᠴᠢᠯᠡᠭᠡ ᠵᠡᠷᠭᠡ ᠠᠵᠢᠯᠯᠠᠭ᠎ᠠ ᠦᠷᠨᠢᠬᠦᠯᠵᠦ᠂ ᠦᠪᠡᠷᠲᠡᠭᠡᠨ ᠵᠠᠰᠠᠬᠤ ᠤᠷᠤᠨ ᠤ ᠦᠢᠯᠡᠰ ᠪᠤᠰᠬᠠᠵᠦ ᠰᠢᠨ᠎ᠠ ᠶᠢ ᠡᠬᠦᠳᠬᠦ ᠦᠷ᠎ᠠ ᠪᠦᠳᠦᠭᠡᠯ ᠢ ᠲᠦᠪᠯᠡᠷᠡᠬᠦᠯᠦᠨ ᠳᠡᠯᠭᠡᠨ ᠦᠵᠡᠬᠦᠯᠵᠦ᠂ ᠦᠢᠯᠡᠰ ᠪᠤᠰᠬᠠᠵᠦ ᠰᠢᠨ᠎ᠠ ᠶᠢ ᠡᠬᠦᠳᠬᠦ ᠲᠦᠷᠦ ᠶᠢᠨ ᠪᠤᠳᠤᠯᠭ᠎ᠠ ᠶᠢ ᠬᠦᠨᠵᠡᠭᠡᠢ ᠲᠠᠶᠢᠯᠪᠤᠷᠢᠯᠠᠨ ᠳᠤᠳᠤᠷᠬᠠᠢᠢᠯᠠᠵᠦ᠂ ᠡᠯ᠎ᠠ ᠲᠦᠷᠦᠯ ᠤᠨ ᠵᠠᠬ᠎ᠠ ᠳᠡᠯᠭᠡᠬᠦᠷ ᠤᠨ ᠭᠤᠤᠯ ᠴᠤᠬᠴᠠ ᠪᠠ ᠨᠡᠶᠢᠭᠡᠮ ᠤᠨ ᠡᠯ᠎ᠠ ᠲᠠᠯ᠎ᠠ ᠶᠢᠨ ᠢᠳᠡᠪᠬᠢᠵᠢᠯ ᠢ ᠤᠯᠠᠮ ᠴᠢᠨᠠᠬᠰᠢᠳᠠ ᠲᠠᠶᠢᠴᠢᠯᠠᠨ᠂ ᠭᠠᠷᠠᠭ ᠤᠨ ᠠᠵᠢᠯᠯᠠᠭ᠎ᠠ ᠶᠢᠨ ᠠᠵᠢᠯ ᠤᠯᠭᠤᠬᠤ ᠴᠢᠳᠠᠪᠤᠷᠢ ᠶᠢ ᠳᠡᠭᠡᠭᠰᠢᠯᠡᠬᠦᠯᠬᠦ᠂ ᠠᠵᠢᠯ ᠤᠯᠭᠤᠯᠳᠠ ᠶᠢᠨ ᠤᠷᠤᠨ ᠵᠠᠢ ᠶᠢ ᠦᠷᠭᠡᠳᠭᠡᠬᠦ ᠦᠢᠯᠡᠳᠦᠯ ᠢ ᠰᠠᠶᠢᠳᠤᠷ ᠪᠠᠳᠠᠷᠠᠭᠤᠯᠬᠤ ᠪᠤᠯᠤᠨ᠎ᠠ᠃ ᠠᠵᠢᠯᠯᠠᠭ᠎ᠠ ᠨᠢ 10 ᠰᠠᠷ᠎ᠠ ᠶᠢᠨ 21 ᠤ ᠡᠳᠦᠷ ᠪᠤᠯᠳᠠᠯ᠎ᠠ ᠥᠷᠭᠦᠯᠵᠢᠯᠡᠨ᠎ᠡ᠃      ᠪᠦ᠋ ᠰᠢᠶᠤᠤ ᠯᠢᠨ ᠪᠠᠰᠠ ᠦᠪᠡᠷᠲᠡᠭᠡᠨ ᠵᠠᠰᠠᠬᠤ ᠤᠷᠤᠨ ᠤ ︽ᠦᠢᠯᠡᠰ ᠪᠤᠰᠬᠠᠵᠦ ᠰᠢᠨ᠎ᠠ ᠶᠢ ᠡᠬᠦᠳᠬᠦ︾ ᠦᠷ᠎ᠠ ᠪᠦᠳᠦᠭᠡᠯ ᠤᠨ ᠦᠵᠡᠬᠦᠯᠭᠡ ᠶᠢ ᠲᠤᠭᠤᠷᠢᠨ ᠦᠵᠡᠵᠦ᠂ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢ ᠬᠦᠨᠵᠡᠭᠡᠢ ᠦᠷᠨᠢᠬᠦᠯᠬᠦ ᠶᠢᠨ ᠲᠤᠭᠤᠷᠢᠨ ᠳᠤ᠂ ᠦᠵᠡᠬᠦᠯᠭᠡ ᠳᠤ ᠤᠷᠤᠯᠴᠠᠭᠰᠠᠨ ᠨᠢᠭᠡᠴᠢ ᠶᠢᠨ ᠬᠠᠷᠢᠭᠤᠴᠠᠯᠭᠠᠳᠠᠨ ᠪᠠ ᠦᠢᠯᠡᠰ ᠪᠤᠰᠬᠠᠵᠦ ᠰᠢᠨ᠎ᠠ ᠶᠢ ᠡᠬᠦᠳᠬᠦ ᠬᠦᠮᠦᠰ ᠲᠠᠢ ᠬᠦᠨᠵᠡᠭᠡᠢ ᠶᠠᠷᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号