ᠬᠥᠯᠥᠨ ᠪᠤᠶᠢᠷ ᠬᠤᠲᠠ ᠶᠢᠨ ᠡᠯ᠎ᠡ ᠭᠠᠵᠠᠷ ᠤᠳ ᠪᠣᠳᠠᠲᠠᠶ ᠠᠴᠠ ᠡᠭᠦᠰᠴᠦ᠂ ᠴᠠᠭ ᠨᠢ ᠣᠬᠤᠷ᠂ ᠦᠷ᠎ᠡ | ᠪᠦᠲᠦᠮᠵᠢ ᠨᠢ ᠰᠠᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠨᠢᠭᠡ ᠲᠠᠯ᠎ᠠ ᠪᠠᠷ ᠬᠠᠤᠯᠢ ᠲᠣᠭᠲᠠᠭᠠᠯ ᠶᠣᠰᠣᠭᠠᠷ | ᠭᠤᠶᠤᠴᠢᠯᠠᠯ ᠢ ᠨᠡᠶᠢᠯᠡᠭᠦᠯᠬᠦ᠂ ᠳᠠᠩᠰᠠᠯᠠᠯ ᠢ ᠨᠡᠶᠢᠯᠡᠭᠦᠯᠬᠦ᠂ ᠪᠥᠭᠡᠮ ᠢᠶᠠᠷ ᠪᠠᠶᠢᠴᠠᠭᠠᠨ ᠯᠠᠪᠯᠠᠬᠤ᠂ ᠰᠢᠷᠪᠢᠯᠲᠡ ᠶᠢ | ᠬᠤᠶᠢᠨ᠎ᠠ ᠨᠢ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠴᠤᠪᠤᠷᠠᠯ ᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠲᠤᠰᠢᠶᠠᠬᠤ ᠴᠢᠬᠤᠯᠠᠲᠠᠢ ᠮᠠᠲ᠋ᠧᠷᠢᠶᠠᠯ ᠢ ᠰᠢᠯᠢᠳᠡᠭᠵᠢᠭᠦᠯᠦᠨ ᠴᠣᠮᠬᠠᠳᠬᠠᠵᠤ᠂ ᠦᠷ᠎ᠡ ᠠᠰᠢᠭ ᠢ | ᠲᠦᠷᠭᠡᠨ ᠨᠡᠮᠡᠭᠳᠡᠭᠦᠯᠵᠦ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠵᠠᠩᠭᠢᠯᠠᠭ᠎ᠠ ᠶᠢ ᠬᠦᠴᠦᠨ ᠦᠭᠡᠢ ᠪᠣᠯᠭᠠᠪᠠ᠃ | ᠨᠥᠭᠦᠭᠡ ᠲᠠᠯ᠎ᠠ ᠪᠠᠷ ᠪᠦᠬᠦ ᠲᠤᠬᠠᠶᠢᠯᠠᠭᠰᠠᠨ ᠠᠵᠢᠯ᠂ ᠪᠦᠬᠦ ᠴᠤᠪᠤᠷᠠᠯ ᠤᠨ ᠬᠠᠷᠠᠭᠠᠰᠤ ᠠᠴᠠ᠂ ᠤᠯᠤᠰ ᠤᠨ | ᠨᠡᠶᠢᠲᠡᠯᠡᠭᠰᠡᠨ 26 ᠲᠥᠪᠯᠡᠷᠡᠯ ᠴᠤᠪᠤᠷᠠᠯ ᠢ ᠦᠨᠳᠦᠰᠦᠯᠡᠨ᠂ ᠦᠯᠦ ᠬᠥᠳᠡᠯᠬᠦ ᠬᠥᠷᠥᠩᠭᠡ ᠶᠢᠨ ᠠᠷᠠᠯᠵᠢᠶ᠎ᠠ᠂ ᠭᠠᠶᠢᠯᠢ | ᠲᠠᠲᠠᠪᠤᠷᠢ᠂ ᠳᠠᠩᠰᠠᠯᠠᠯᠲᠠ ᠶᠢᠨ ᠪᠦᠬᠦ ᠴᠤᠪᠤᠷᠠᠯ ᠢ ᠰᠢᠯᠢᠳᠡᠭᠵᠢᠭᠦᠯᠦᠨ ᠲᠥᠰᠦᠪᠯᠡᠵᠦ᠂ ᠤᠯᠤᠰ ᠤᠨ | ᠱᠠᠭᠠᠷᠳᠠᠯᠭ᠎ᠠ ᠳᠤ ᠨᠡᠶᠢᠴᠡᠭᠦᠯᠬᠦ ᠮᠥᠷᠲᠡᠭᠡᠨ ᠲᠤᠬᠠᠶ ᠶᠢᠨ ᠭᠠᠵᠠᠷ ᠤᠨ ᠢᠶᠠᠨ ᠪᠠᠶᠢᠳᠠᠯ ᠳᠤ ᠲᠣᠬᠢᠷᠠᠭᠤᠯᠤᠭᠰᠠᠨ | ᠣᠨᠴᠠᠯᠢᠭ ᠪᠦᠬᠦᠢ ᠰᠢᠨ᠎ᠡ ᠶᠢ ᠡᠭᠦᠳᠴᠦ᠂ ᠠᠷᠠᠳ ᠲᠤ ᠨᠡᠩ ᠪᠦᠲᠦᠮᠵᠢᠲᠡᠢ ᠪᠠᠷ ᠳᠥᠭᠦᠮ ᠦᠵᠡᠭᠦᠯᠦᠨ ᠠᠵᠤ | ᠠᠬᠤᠶᠢᠯᠠᠯ ᠳᠤ ᠠᠰᠢᠭ ᠬᠦᠷᠲᠡᠭᠡᠪᠡ᠃ ᠣᠳᠣᠬᠠᠨ ᠳᠤ᠂ ᠪᠦᠬᠦ ᠬᠤᠲᠠ ᠶᠢᠨ 14 ᠬᠤᠰᠢᠭᠤ ᠬᠤᠲᠠ ᠲᠣᠭᠤᠷᠢᠭ | ︵ᠮᠠᠨᠵᠤᠤᠷ ᠪᠠᠭᠲᠠᠨ᠎ᠠ︶ ᠲᠤ ᠡᠩ ᠤᠨ ᠳᠠᠩᠰᠠᠯᠠᠯ ᠢ 5 ᠠᠵᠢᠯᠯᠠᠬᠤ ᠡᠳᠦᠷ ᠲᠤ ᠳᠠᠭᠤᠰᠬᠠᠵᠦ᠂ ᠪᠠᠷᠢᠴᠠᠭᠠᠨ ᠤ | ᠳᠠᠩᠰᠠᠯᠠᠯ ᠢ 3 ᠠᠵᠢᠯᠯᠠᠬᠤ ᠡᠳᠦᠷ ᠲᠤ ᠳᠠᠭᠤᠰᠬᠠᠵᠦ᠂ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯ᠂ ᠣᠨᠳᠣᠤ ᠰᠠᠨᠠᠯ | ᠲᠠᠢ ᠳᠠᠩᠰᠠᠯᠠᠯ ᠢ ᠳᠠᠷᠦ᠋ᠢᠬᠠᠨ ᠭᠦᠢᠴᠡᠳᠬᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ | ᠤᠷᠢᠳᠴᠢᠯᠠᠨ ᠪᠡᠶᠡᠯᠡᠭᠦᠯᠪᠡ᠃ ᠵᠠᠷᠢᠮ ᠭᠠᠵᠠᠷ ᠣᠷᠣᠨ ᠨᠤᠭᠤᠳ ᠳᠠᠩᠰᠠᠯᠠᠭᠤᠯᠬᠤ ᠲᠤᠰ ᠡᠳᠦᠷ ᠪᠦᠬᠦᠨ ᠢ | ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢ | ᠤᠷᠢᠳᠴᠢᠯᠠᠨ ᠪᠡᠶᠡᠯᠡᠭᠦᠯᠦᠭᠡᠳ ᠢᠯᠡᠳᠲᠡ ᠦᠷ᠎ᠡ ᠪᠦᠲᠦᠮᠵᠢ ᠣᠯᠪᠠ᠃ ᠪᠦᠬᠦ ᠬᠤᠲᠠ ᠶᠢᠨ ᠡᠯ᠎ᠡ ᠭᠠᠵᠠᠷ ᠤᠨ | ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠨᠢ ᠳᠠᠩᠰᠠᠯᠠᠨ ᠦᠨᠡᠮᠯᠡᠯ ᠣᠯᠭᠤᠬᠤ ᠦᠷ᠎ᠡ ᠪᠦᠲᠦᠮᠵᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ | ᠲᠠᠯᠪᠢᠬᠤ ᠬᠠᠮᠢᠶᠠᠷᠬᠤ ᠦᠢᠯᠡᠴᠢᠯᠡᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠡᠢ᠃ |