ᠬᠥᠬᠡᠬᠤᠲᠠ ᠳᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠴᠡᠭ ᠨᠡᠶᠢᠲᠡ 22 ᠪᠣᠶ᠂ | ᠡᠭᠦᠨ ᠳᠤ ᠬᠤᠷᠢᠨᠭᠡᠷ ᠰᠢᠶᠠᠨ ᠳᠤ 11᠂ ᠴᠢᠩ ᠱᠦᠶ ᠾᠧ ᠰᠢᠶᠠᠨ ᠳᠤ 11 ᠪᠣᠶ᠃ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠬᠥᠮᠦᠰ ᠢ ᠣᠶᠢᠷ᠎ᠠ ᠬᠠᠪᠢ ᠳᠤ ᠪᠠᠨ ᠡᠮᠨᠡᠭᠦᠯᠬᠦ ᠶᠢ ᠨᠢ ᠦᠨᠡᠨ ᠬᠦ ᠪᠠᠲᠤᠯᠠᠬᠤ ᠶᠢᠨ ᠲᠥᠯᠥᠭᠡ᠂ | ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ ᠲᠥᠪᠬᠢᠨᠡᠭᠦᠯᠬᠦ ᠭᠠᠵᠠᠷ ᠲᠤ ᠴᠦᠮ | ᠪᠠᠷᠢᠮᠵᠢᠶ᠎ᠠ ᠳᠤ ᠬᠦᠷᠦᠭᠰᠡᠨ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠵᠤ᠂ ᠬᠥᠳᠡᠭᠡ ᠲᠣᠰᠬᠤᠨ ᠤ ᠬᠢᠷᠢ | ᠲᠡᠩᠴᠡᠭᠰᠡᠨ ᠡᠮᠴᠢ ᠲᠣᠬᠢᠷᠠᠭᠤᠯᠬᠤ ᠶᠢᠨ ᠬᠠᠮᠲᠤ ᠲᠡᠮᠳᠡᠭ ᠫᠠᠶᠢᠰᠠ ᠶᠢ ᠨᠢ ᠵᠢᠷᠤᠮᠵᠢᠭᠤᠯᠤᠨ᠂ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ ᠭᠠᠷᠭᠠᠵᠤ᠂ ᠡᠮ ᠤᠨ ᠵᠦᠢᠯ ᠢ | ᠭᠦᠢᠴᠡᠳ ᠪᠠᠲᠤᠯᠠᠵᠤ᠂ ᠨᠡᠭᠦᠵᠦ ᠢᠷᠡᠭᠰᠡᠨ ᠣᠯᠠᠨ ᠲᠦᠮᠡᠨ ᠢ ᠭᠡᠷ ᠤᠨ ᠣᠶᠢᠷ᠎ᠠ ᠬᠠᠪᠢ ᠳᠤ ᠪᠠᠨ ᠡᠪᠡᠳᠴᠢᠨ | ᠦᠵᠡᠭᠦᠯᠦᠨ ᠡᠮ ᠬᠤᠳᠠᠯᠳᠤᠨ ᠠᠪᠴᠤ ᠳᠡᠶᠢᠯᠬᠦ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ︽ᠬᠤᠭᠤᠰᠣᠨ | ᠭᠠᠵᠠᠷ︾ ᠭᠠᠷᠬᠤ ᠶᠢ ᠲᠠᠰᠤ ᠬᠤᠷᠢᠭᠯᠠᠨ᠂ ᠨᠡᠭᠦᠵᠦ ᠢᠷᠡᠭᠰᠡᠨ ᠣᠯᠠᠨ ᠲᠦᠮᠡᠨ ᠤ ᠡᠪᠡᠳᠴᠢᠨ ᠦᠵᠡᠭᠦᠯᠬᠦ | ᠬᠡᠷᠡᠭᠴᠡᠭᠡ ᠶᠢ ᠬᠠᠩᠭᠠᠬᠤ ᠶᠢᠨ ᠬᠠᠮᠲᠤ ︽ᠨᠡᠭᠦᠵᠦ ᠭᠠᠷᠤᠭᠰᠠᠨ ᠭᠠᠵᠠᠷ ᠢᠶᠠᠷ ᠨᠢ ᠮᠥᠷᠳᠡᠨ ᠬᠠᠮᠢᠶᠠᠷᠤᠭᠤᠯᠵᠤ᠂ | ᠨᠡᠭᠦᠵᠦ ᠣᠴᠢᠭᠰᠠᠨ ᠭᠠᠵᠠᠷ ᠢᠶᠠᠷ ᠨᠢ ᠵᠢᠭᠰᠠᠭᠠᠨ ᠪᠠᠶᠢᠴᠠᠭᠠᠵᠤ ᠬᠠᠮᠢᠶᠠᠷᠬᠤ︾ ᠵᠠᠭᠪᠤᠷ ᠢ ᠠᠪᠴᠤ᠂ ᠨᠡᠭᠦᠯᠭᠡᠭᠰᠡᠨ | ᠣᠯᠠᠨ ᠲᠦᠮᠡᠨ ᠤ ᠬᠡᠷᠡᠭᠰᠡᠬᠦ ᠡᠮ ᠡᠮᠨᠡᠯᠭᠡ ᠶᠢᠨ ᠦᠢᠯᠡᠴᠢᠯᠡᠭᠡ ᠳᠤ ᠨᠢᠭᠡ ᠴᠦ ᠣᠷᠬᠢᠭᠳᠠᠭᠤᠯᠬᠤ ᠦᠭᠡᠶ ᠪᠠᠶᠢᠬᠤ ᠶᠢ | ᠪᠠᠲᠤᠯᠠᠪᠠ᠃ | ᠨᠡᠭᠦᠯᠭᠡᠭᠰᠡᠨ ᠣᠯᠠᠨ ᠲᠦᠮᠡᠨ ᠳᠤ ᠭᠡᠷ᠎ᠡ ᠲᠣᠭᠲᠠᠵᠤ ᠬᠠᠮᠢᠶᠠᠷᠬᠤ ᠦᠢᠯᠡᠴᠢᠯᠡᠬᠦ ᠳᠤ ᠴᠢᠭᠯᠡᠭᠦᠯᠦᠨ ᠰᠢᠶᠠᠨ᠂ | ᠰᠢᠶᠠᠩ᠂ ᠲᠣᠰᠬᠤᠨ ᠭᠤᠷᠪᠠᠨ ᠱᠠᠲᠤᠨ ᠤ ᠡᠮᠴᠢ ᠪᠠᠷ ᠪᠦᠷᠢᠯᠳᠦᠭᠰᠡᠨ ᠬᠡᠷ ᠪᠦᠯᠢ ᠶᠢᠨ ᠭᠡᠷᠡᠲᠦ ᠡᠮᠴᠢ ᠶᠢᠨ ᠪᠦᠯᠬᠦᠮ | ᠨᠡᠶᠢᠲᠡ ᠨᠢ ︽ᠭᠡᠷ᠎ᠡ ᠲᠣᠭᠲᠠᠬᠤ ᠶᠣᠰᠣᠲᠠᠢ ᠪᠦᠬᠦᠨ ᠢ ᠭᠡᠷ᠎ᠡ ᠲᠣᠭᠲᠠᠭᠠᠯᠭᠠᠵᠤ᠂ ᠨᠢᠭᠡ ᠬᠥᠮᠥᠨ ᠭᠡᠷ᠎ᠡ ᠲᠣᠭᠲᠠᠪᠠᠯ᠂ | ᠨᠢᠭᠡ ᠬᠥᠮᠥᠨ ᠳᠤ ᠭᠡᠷ᠎ᠡ ᠶᠤᠰᠤᠭᠠᠷ ᠦᠢᠯᠡᠴᠢᠯᠡᠵᠦ᠂ ᠨᠢᠭᠡ ᠬᠥᠮᠥᠨ ᠪᠦᠷᠢ ᠳᠤ ᠨᠢ ᠪᠤᠳᠠᠲᠠᠶᠢᠵᠢᠭᠤᠯᠬᠤ︾ ᠵᠠᠷᠴᠢᠮ | ᠶᠣᠰᠣᠭᠠᠷ᠂ ᠣᠨᠳᠣᠤ ᠭᠠᠵᠠᠷ ᠨᠡᠭᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠡᠩ ᠤᠨ ᠪᠠᠶᠢᠩᠭᠤ | ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠪᠠᠭᠲᠠᠭᠠᠭᠰᠠᠨ ᠣᠨᠣᠰᠢᠯᠠᠨ ᠡᠮᠨᠡᠬᠦ᠂ ᠠᠰᠠᠷᠠᠨ | ᠰᠤᠪᠢᠯᠠᠬᠤ᠂ ᠲᠤᠬᠠᠶ ᠶᠢᠨ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ᠂ ᠰᠢᠯᠵᠢᠭᠦᠯᠦᠨ | ᠡᠮᠨᠡᠭᠦᠯᠬᠦ᠂ ᠯᠠᠪᠯᠠᠭ᠎ᠠ ᠥᠭᠬᠦ᠂ ᠡᠷᠡᠭᠦᠯᠵᠢᠭᠦᠯᠬᠦ ᠡᠮᠴᠢᠯᠡᠭᠡ ᠬᠢᠬᠦ᠂ ᠭᠡᠷ ᠪᠦᠯᠢ ᠳᠤ ᠨᠢ ᠡᠮᠴᠢᠯᠡᠬᠦ᠂ ᠭᠡᠷ ᠪᠦᠯᠢ ᠳᠤ | ᠨᠢ ᠰᠤᠪᠢᠯᠠᠬᠤ᠂ ᠡᠮ ᠡᠮᠨᠡᠯᠭᠡ ᠶᠢᠨ ᠳᠠᠭᠠᠳᠬᠠᠯ ᠢ ᠬᠠᠪᠰᠤᠷᠤᠨ ᠳᠠᠩᠰᠠ ᠲᠠᠶᠢᠯᠵᠤ ᠥᠭᠬᠦ᠂ ᠡᠷᠡᠭᠦᠯ ᠮᠡᠨᠳᠦ᠂ | ᠤᠷᠢᠳᠴᠢᠯᠠᠨ ᠰᠡᠷᠭᠡᠶᠢᠯᠡᠯᠲᠡ᠂ ᠡᠷᠡᠭᠦᠯᠵᠢᠯ ᠵᠡᠷᠭᠡ ᠡᠷᠡᠭᠦᠯ ᠮᠡᠨᠳᠦ ᠶᠢᠨ ᠠᠰᠠᠭᠤᠳᠠᠯ ᠢ ᠰᠦᠢᠳᠬᠡᠯ ᠬᠤᠷᠢᠶᠠᠬᠤ | ᠦᠭᠡᠢ ᠪᠠᠷ ᠵᠢᠭᠠᠨ ᠵᠢᠯᠣᠭᠤᠳᠬᠤ ᠵᠡᠷᠭᠡ ᠦᠢᠯᠡᠴᠢᠯᠡᠭᠡ ᠬᠠᠩᠭᠠᠵᠠᠢ᠃ ᠡᠭᠦᠨ ᠤ ᠬᠠᠮᠲᠤ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠬᠥᠮᠦᠨ ᠠᠮᠠ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠡᠮᠨᠡᠨ ᠵᠠᠰᠠᠬᠤ ᠰᠠᠨᠠᠭᠤᠯᠭ᠎ᠠ ᠪᠠ ᠡᠷᠡᠭᠦᠯᠵᠢᠯ ᠤᠨ ᠵᠢᠯᠣᠭᠤᠳᠬᠤ ᠰᠠᠨᠠᠯ ᠢ ᠳᠡᠪᠰᠢᠭᠦᠯᠵᠡᠢ᠃ | ᠠᠩᠬᠠᠳᠠᠭᠴᠢ ᠴᠢᠨᠠᠷᠲᠠᠶ ᠴᠢᠰᠤᠨ ᠳᠠᠷᠤᠯᠲᠠ ᠥᠨᠳᠥᠷ᠂ Ⅱ ᠬᠡᠯᠪᠡᠷᠢ ᠶᠢᠨ ᠰᠢᠬᠢᠷ ᠰᠢᠵᠢᠩ ᠡᠪᠡᠳᠴᠢᠨ᠂ | ᠠᠭᠤᠰᠬᠢᠨ ᠰᠦᠷᠢᠶ᠎ᠡ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠵᠡᠷᠭᠡ 4 ᠲᠥᠷᠥᠯ ᠤᠨ | ᠡᠪᠡᠳᠴᠢᠨ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠳᠤ ᠤᠵᠢᠭ ᠴᠢᠨᠠᠷᠲᠠᠶ ᠡᠪᠡᠳᠴᠢᠨ ᠤ ᠭᠡᠷᠡᠲᠦ | ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ᠵᠢᠯ ᠪᠦᠷᠢ 4 ᠠᠴᠠ ᠳᠡᠭᠡᠭᠰᠢ ᠤᠳᠠᠭ᠎ᠠ ᠳᠠᠭᠠᠵᠤ ᠰᠤᠷᠪᠤᠯᠵᠢᠯᠠᠵᠠᠢ︔ | ᠲᠠᠷᠢᠬᠢᠨ ᠴᠢᠰᠤᠨ ᠰᠤᠳᠠᠯ ᠤᠨ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠠᠭᠤᠰᠬᠢ ᠶᠢ ᠤᠳᠠᠭᠠᠨ | ᠰᠠᠭᠠᠲᠠᠭᠠᠬᠤ ᠡᠪᠡᠳᠴᠢᠨ᠂ ᠬᠦᠨᠳᠦ ᠬᠡᠯᠪᠡᠷᠢ ᠶᠢᠨ ᠨᠠᠰᠤᠲᠠᠶᠢᠴᠤᠳ ᠤᠨ ᠤᠵᠢᠭ ᠴᠢᠨᠠᠷᠲᠠᠢ ᠰᠠᠯᠪᠤᠷᠢ ᠮᠥᠭᠡᠷᠰᠦᠨ | ᠬᠤᠭᠤᠯᠠᠢ ᠶᠢᠨ ᠥᠷᠪᠢᠰᠦᠯ᠂ ᠬᠡᠷᠡᠬᠦ ᠴᠢᠨᠠᠷ ᠲᠠᠢ ᠦᠶ᠎ᠡ ᠭᠡᠰᠢᠭᠦᠨ ᠤ ᠦᠷᠪᠢᠰᠦᠯ᠂ ᠶᠠᠰᠤᠨ ᠦᠶ᠎ᠡ ᠶᠢᠨ ᠦᠷᠪᠢᠰᠦᠯ | ᠵᠡᠷᠭᠡ 6 ᠲᠥᠷᠥᠯ ᠤᠨ ᠤᠵᠢᠭ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠴᠢᠷᠳᠡᠯᠲᠡᠢ ᠡᠪᠡᠳᠴᠢᠲᠡᠨ ᠳᠤ | ᠡᠷᠡᠭᠦᠯ ᠮᠡᠨᠳᠦ ᠶᠢᠨ ᠬᠥᠮᠦᠵᠢᠯ ᠤᠨ ᠵᠣᠷ ᠬᠢᠵᠦ ᠥᠭᠴᠦ᠂ ᠵᠢᠯ ᠪᠦᠷᠢ ᠨᠢᠭᠡ ᠤᠳᠠᠭ᠎ᠠ ᠲᠠᠭᠠᠨ ᠰᠤᠷᠪᠤᠯᠵᠢᠯᠠᠬᠤ ᠶᠢ | ᠲᠣᠬᠢᠷᠠᠭᠤᠯᠵᠠᠢ᠃ ᠲᠣᠭᠲᠠᠮᠠᠯ ᠬᠤᠭᠤᠴᠠᠭ᠎ᠠ ᠲᠠᠢ ᠪᠠᠷ ᠡᠭᠦᠳᠡᠨ ᠡᠮᠨᠡᠯᠭᠡ᠂ ᠳ᠋ᠢᠶᠠᠩᠬᠤᠸᠠ᠂ ᠭᠡᠷ ᠲᠤ ᠨᠢ ᠣᠴᠢᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠨ ᠦᠢᠯᠡᠴᠢᠯᠡᠭᠡ ᠬᠦᠷᠲᠡᠭᠰᠡᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠪᠠ | ᠬᠠᠮᠢᠶᠠᠷᠤᠯᠲᠠ ᠬᠢᠵᠦ᠂ ᠲᠡᠳᠡᠨᠠᠷ ᠲᠤ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠪᠠ ᠡᠪᠡᠳᠴᠢᠨ ᠡᠮᠭᠡᠭ ᠢ | ᠡᠮᠨᠡᠨ ᠵᠠᠰᠠᠬᠤ ᠲᠦᠰᠦᠯ ᠢ ᠲᠣᠭᠲᠠᠭᠠᠵᠤ ᠥᠭᠴᠡᠢ᠃ ᠬᠦᠴᠢᠷ ᠲᠦᠪᠡᠭ ᠲᠠᠢ᠂ ᠪᠠᠴᠢᠮ ᠬᠦᠨᠳᠦ ᠡᠪᠡᠳᠴᠢᠨ ᠳᠤ | ᠨᠡᠷᠪᠡᠭᠳᠡᠭᠰᠡᠨ ᠪᠤᠶᠤ ᠨᠥᠬᠦᠴᠡᠯ ᠳᠤ ᠬᠢᠵᠠᠭᠠᠷᠯᠠᠭᠳᠠᠭᠰᠠᠨ ᠡᠪᠡᠳᠴᠢᠨ ᠤ ᠵᠢᠱᠢᠶ᠎ᠡ ᠲᠣᠬᠢᠶᠠᠯᠳᠤᠪᠠᠯ᠂ ᠳᠡᠭᠡᠳᠦ | ᠱᠠᠲᠤᠨ ᠤ ᠡᠮᠨᠡᠯᠭᠡ ᠶᠢᠨ ᠬᠤᠷᠢᠶ᠎ᠠ ᠵᠡᠷᠭᠡ ᠪᠤᠰᠤᠳ ᠲᠣᠬᠢᠷᠠᠮᠵᠢᠲᠤ ᠪᠠᠶᠢᠭᠤᠯᠤᠮᠵᠢ ᠳᠤ ᠰᠢᠯᠵᠢᠭᠦᠯᠬᠦ ᠰᠠᠭᠠᠳ ᠦᠭᠡᠢ | ᠨᠡᠪᠲᠡᠷᠡᠬᠦ ᠵᠠᠮ ᠪᠤᠶᠤ ᠰᠠᠨᠠᠭᠤᠯᠭ᠎ᠠ ᠬᠠᠩᠭᠠᠪᠠ᠃ | |